ᠪᠤᠷᠴᠠᠭ ᠤᠨ ᠢᠵᠠᠭᠤᠷ᠂ ᠮᠥᠩᠬᠡ ᠬᠠᠷᠭᠠᠨ᠎ᠠ ᠶᠢᠨ ᠲᠥᠷᠥᠯ᠃ ᠮᠥᠩᠬᠡ ᠨᠣᠭᠤᠭᠠᠨ ᠪᠣᠳᠠ ᠮᠣᠳᠣ᠂ 4 — 5 ᠳ᠋ᠤᠭᠠᠷ ᠰᠠᠷ᠎ᠠ ᠳᠤ ᠴᠡᠴᠡᠭᠯᠡᠵᠦ᠂ 5 — | 6 ᠳ᠋ᠤᠭᠠᠷ ᠰᠠᠷ᠎ᠠ ᠳᠤ ᠦᠷᠡᠯᠡᠨ᠎ᠡ᠃ | ᠣᠨᠴᠠᠭᠠᠢ ᠭᠠᠩᠰᠠᠭ ᠮᠥᠩᠭᠡ ᠨᠣᠭᠤᠭᠠᠨ ᠪᠣᠲᠠ ᠮᠣᠳᠣ᠃ ᠪᠦᠬᠦ ᠬᠤᠰᠢᠭᠤᠨ ᠤ ᠡᠯ᠎ᠡ ᠭᠠᠵᠠᠷ ᠲᠤ ᠤᠷᠭᠤᠳᠠᠭ᠃ | ᠡᠯᠡᠰᠦᠷᠬᠡᠭ ᠪᠠ ᠡᠯᠡᠰᠦ ᠬᠠᠶᠢᠷᠯᠢᠭ ᠴᠥᠯ ᠭᠠᠵᠠᠷ ᠤᠨ ᠭᠤᠣᠯᠯᠠᠬᠤ ᠤᠷᠭᠤᠮᠠᠯ᠃ ᠠᠽᠢᠶ᠎ᠠ ᠲᠢᠪ ᠤᠨ ᠳᠤᠮᠳᠠᠳᠤ ᠬᠡᠰᠡᠭ ᠤᠨ ᠭᠠᠩᠰᠠᠭ ᠤᠷᠭᠤᠮᠠᠯ ᠤᠨ | ᠲᠣᠭᠤᠷᠢᠭ ᠰᠢᠰᠲ᠋ᠧᠮ ᠳᠣᠲᠣᠷ᠎ᠠ ᠲᠡᠷᠡ ᠪᠣᠯ ᠡᠷᠲᠡᠨ ᠤ ᠭᠤᠷᠪᠠᠳᠤᠭᠠᠷ ᠭᠠᠯᠪᠠ ᠶᠢᠨ ᠦᠯᠡᠳᠡᠭᠳᠡᠯ ᠲᠦᠷᠰᠦ ᠪᠣᠯᠣᠨ᠎ᠠ᠃ ᠲᠡᠭᠦᠨ ᠤ ᠣᠷᠣᠰᠢᠵᠤ ᠪᠠᠶᠢᠬᠤ ᠨᠢ | ᠠᠽᠢᠶ᠎ᠠ ᠲᠢᠪ ᠤᠨ ᠳᠤᠮᠳᠠᠳᠤ ᠬᠡᠰᠡᠭ ᠤᠨ ᠴᠥᠯ ᠤᠨ ᠲᠣᠭᠤᠷᠢᠭ ᠰᠢᠰᠲ᠋ᠧᠮ ᠤᠨ ᠬᠠᠯᠠᠭᠤᠨ ᠪᠦᠰᠡ ᠶᠢᠨ ᠡᠭᠦᠰᠦᠯ ᠤᠨ ᠰᠤᠷᠭᠠᠯ ᠳᠤ ᠬᠦᠴᠦᠨ ᠲᠡᠭᠦᠯᠳᠡᠷ ᠭᠡᠷᠡᠴᠢ | ᠡᠷᠢᠵᠦ ᠣᠯᠣᠭᠰᠠᠨ ᠪᠠᠶᠢᠨ᠎ᠠ᠃ ᠡᠭᠦᠨ ᠠᠴᠠ ᠭᠠᠳᠠᠨ᠎ᠠ ᠲᠡᠷᠡ ᠪᠣᠯ ᠮᠥᠨ ᠴᠤ ᠡᠯᠡᠰᠦ ᠶᠢ ᠲᠣᠭᠲᠠᠪᠤᠷᠢᠵᠢᠭᠤᠯᠬᠤ ᠨᠣᠭᠤᠭᠠᠷᠠᠭᠤᠯᠬᠤ ᠪᠠ ᠦᠵᠡᠮᠵᠢ ᠳᠤ ᠬᠡᠷᠡᠭᠯᠡᠬᠦ | ᠵᠢᠴᠢ ᠡᠮ ᠳᠤ ᠬᠡᠷᠡᠭᠯᠡᠬᠦ ᠤᠷᠭᠤᠮᠠᠯ ᠪᠣᠯᠣᠨ᠎ᠠ᠃ ᠲᠡᠶᠢᠮᠦ ᠠᠴᠠ ᠲᠡᠷᠡ ᠨᠢ ᠴᠢᠬᠤᠯᠠ ᠡᠬᠢ ᠪᠠᠶᠠᠯᠢᠭ ᠤᠨ ᠦᠨ᠎ᠡ ᠥᠷᠲᠡᠭ ᠲᠠᠢ ᠪᠠᠷ ᠪᠠᠷᠠᠬᠤ ᠦᠭᠡᠢ᠂ ᠮᠠᠰᠢ | ᠴᠢᠬᠤᠯᠠ ᠰᠢᠨᠵᠢᠯᠡᠬᠦ ᠤᠬᠠᠭᠠᠨ ᠤ ᠰᠤᠳᠤᠯᠭᠠᠨ ᠤ ᠠᠴᠢ ᠬᠤᠯᠪᠣᠭᠳᠠᠯ ᠲᠠᠢ ᠶᠤᠮ᠃ ᠤᠷᠲᠤ ᠬᠤᠭᠤᠴᠠᠭᠠᠨ ᠤ ᠲᠤᠷᠰᠢ ᠶᠡᠭᠡ ᠬᠡᠮᠵᠢᠶ᠎ᠡ ᠪᠠᠷ ᠣᠭᠲᠣᠯᠵᠤ | ᠴᠠᠪᠴᠢᠭᠰᠠᠨ ᠪᠠ ᠠᠮᠢ ᠠᠬᠤᠢ ᠮᠠᠭᠤᠳᠠᠭᠰᠠᠨ ᠠᠴᠠ ᠪᠣᠯᠵᠦ ᠲᠡᠭᠦᠨ ᠤ ᠲᠠᠷᠬᠠᠯᠲᠠ ᠶᠢᠨ ᠲᠠᠯᠠᠪᠠᠢ ᠨᠢ ᠡᠳᠦᠷ ᠢᠷᠡᠬᠦᠶ᠎ᠡ ᠪᠠᠭᠠᠰᠴᠤ᠂ ᠲᠤᠭ᠎ᠠ ᠬᠡᠮᠵᠢᠶ᠎ᠡ ᠨᠢ ᠡᠳᠦᠷ | ᠢᠷᠡᠬᠦᠶ᠎ᠡ ᠴᠥᠭᠡᠷᠡᠵᠦ᠂ ᠤᠰᠠᠳᠬᠤ ᠰᠢᠬᠠᠭᠰᠠᠨ ᠪᠠᠶᠢᠳᠠᠯ ᠲᠠᠢ ᠪᠠᠶᠢᠵᠦ᠂ ᠨᠢᠭᠡᠨᠲᠡ ᠤᠯᠤᠰ ᠤᠨ ᠭᠤᠷᠪᠠᠳᠤᠭᠠᠷ ᠲᠡᠰ ᠤᠨ ᠭᠤᠣᠯᠳᠠᠯᠭ᠎ᠠ ᠲᠠᠢ ᠬᠠᠮᠠᠭᠠᠯᠠᠬᠤ | ᠤᠷᠭᠤᠮᠠᠯ ᠢᠶᠠᠷ ᠲᠣᠭᠲᠠᠭᠠᠵᠠᠢ᠃ | ᠬᠤᠣᠷ ᠲᠠᠢ ᠤᠷᠭᠤᠮᠠᠯ ᠪᠣᠯᠣᠨ᠎ᠠ᠃ ᠨᠠᠮᠠᠭ᠎ᠠ ᠨᠠᠪᠴᠢ ᠨᠢ ᠡᠮ ᠳᠤ ᠣᠷᠣᠨ᠎ᠠ᠃ | | ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾ ᠪᠠᠭᠠᠲᠤᠷ ᠨᠠᠶᠢᠷᠠᠭᠤᠯᠤᠨ ᠵᠤᠬᠢᠶᠠᠪᠠ | | |