ᠭᠤᠤ ᠬᠤᠸᠠᠢ ᠵᠢᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ ᠪᠥᠬᠦ ᠬᠤᠰᠢᠭᠤᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠳᠤ ᠲᠤᠰᠬᠠᠢ ᠰᠡᠳᠦᠪᠲᠦ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2024/3/6
      3 ᠰᠠᠷ᠎ᠠ ᠶᠢᠨ 5 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠭᠤᠤ ᠬᠤᠸᠠᠢ ᠵᠢᠩ ᠱᠦᠵᠢ ᠶᠢᠨ ᠲᠤᠰᠬᠠᠢ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠰᠢᠭᠤᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠡᠷᠭᠢᠯᠲᠡ᠂ ᠴᠢᠬᠤᠯᠠ ᠶᠡᠭᠡ ᠲᠥᠷᠥᠯ ᠵᠦᠢᠯ ᠤᠨ ᠠᠵᠢᠯ ᠦᠢᠯᠡᠳᠪᠦᠷᠢᠯᠡᠯ ᠤᠨ ᠰᠡᠷᠭᠦᠭᠡᠯᠲᠡ᠂ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ᠂ ᠡᠨᠧᠷᠭᠢ ᠶᠢᠨ ᠠᠵᠤ ᠦᠢᠯᠡᠰ ᠵᠢᠴᠢ ᠨᠢᠭᠡᠳᠦᠭᠡᠷ ᠠᠵᠤ ᠦᠢᠯᠡᠰ ᠤᠨ ᠡᠷᠭᠢᠯᠲᠡ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠤᠰᠬᠠᠢ ᠰᠡᠳᠦᠪ ᠢᠶᠠᠷ ᠰᠣᠨᠣᠰᠴᠤ᠂ ᠠᠵᠢᠯ ᠲᠥᠷᠥᠯ ᠤᠨ ᠬᠦᠷᠢᠶᠡᠨ ᠳᠤ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠵᠠᠳᠠᠯᠤᠨ᠂ ᠴᠢᠷᠮᠠᠶᠢᠬᠤ ᠴᠢᠭᠯᠡᠯ ᠪᠠ ᠥᠭᠡᠷᠡᠴᠢᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ ᠬᠤᠰᠢᠭᠤᠨ ᠤ ᠤᠳᠤᠷᠢᠳᠤᠯᠭ᠎ᠠ ᠯᠢᠦ ᠷᠦᠢ᠂ ᠭᠤᠤ ᠯᠢᠶᠠᠨ ᠹᠠᠩ᠂ ᠦ᠋ ᠶᠦᠩ ᠨᠢᠩ ᠵᠢᠴᠢ ᠡᠯ᠎ᠡ ᠰᠤᠮᠤ ᠪᠠᠯᠭᠠᠰᠤ᠂ ᠬᠤᠰᠢᠭᠤ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃ 
图片.png
            ᠭᠤᠤ ᠬᠤᠸᠠᠢ ᠵᠢᠩ ᠬᠡᠯᠡᠬᠦ ᠳᠡᠭᠡᠨ᠂ ᠨᠢᠭᠡᠳᠦᠭᠡᠷ ᠤᠯᠠᠷᠢᠯ ᠪᠣᠯ ᠪᠦᠬᠦ ᠵᠢᠯ ᠤᠨ ᠠᠵᠢᠯ ᠢ ᠲᠥᠯᠥᠪᠵᠢᠭᠦᠯᠦᠨ ᠪᠠᠶᠢᠷᠢᠰᠢᠭᠤᠯᠵᠤ᠂ ᠠᠵᠢᠯ ᠡᠬᠢᠯᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠨᠡᠭᠡᠭᠡᠯᠲᠡ ᠶᠢᠨ ᠲᠣᠭᠤᠷᠢᠭ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠴᠢᠨᠠᠷ ᠰᠠᠶᠢᠲᠠᠢ ᠬᠥᠭᠵᠢᠯᠲᠡ ᠶᠢᠨ ᠭᠤᠣᠯ ᠱᠤᠭᠤᠮ ᠢ ᠪᠠᠲᠤ ᠡᠵᠡᠮᠳᠡᠵᠦ᠂ ᠪᠦᠬᠦ ᠵᠢᠯ ᠤᠨ ᠬᠥᠭᠵᠢᠯᠲᠡ ᠶᠢᠨ ᠬᠠᠷᠠᠯᠲᠠ ᠲᠠᠢ ᠨᠢᠭᠲᠠ ᠤᠶᠠᠯᠳᠤᠭᠤᠯᠤᠨ᠂ ᠴᠢᠷᠮᠠᠶᠢᠨ ᠲᠡᠮᠡᠴᠡᠬᠦ ᠡᠷᠴᠢ ᠵᠣᠷᠢᠭ ᠢᠶᠠᠨ ᠦᠷᠭᠦᠯᠵᠢᠯᠡᠨ ᠪᠠᠲᠤᠯᠠᠵᠤ᠂ ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠠᠳᠬᠤᠨ᠂ ᠬᠥᠭᠵᠢᠯᠲᠡ ᠶᠢ ᠠᠬᠢᠭᠤᠯᠵᠤ᠂ ᠪᠦᠬᠦ ᠵᠢᠯ ᠤᠨ ᠬᠠᠷᠠᠯᠲᠠ ᠪᠠᠨ ᠲᠡᠭᠦᠰ ᠠᠮᠵᠢᠯᠲᠠᠲᠠᠢ ᠪᠡᠶᠡᠯᠡᠭᠦᠯᠬᠦ ᠳᠤ ᠪᠠᠲᠤ ᠰᠠᠭᠤᠷᠢ ᠲᠠᠯᠪᠢᠬᠤ ᠬᠡᠷᠡᠭᠲᠡᠢ᠃ ᠠᠵᠤ ᠠᠬᠤᠢ ᠶᠢᠨ ᠡᠷᠭᠢᠯᠲᠡ ᠶᠢᠨ ᠵᠠᠳᠠᠯᠤᠯᠲᠠ ᠲᠣᠬᠢᠷᠠᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠠᠵᠤ ᠠᠬᠤᠶᠢᠯᠠᠯ ᠳᠤ ᠴᠢᠭᠯᠡᠭᠦᠯᠦᠨ᠂ ᠪᠠᠶᠢᠩᠭᠤ ᠪᠠᠶᠢᠴᠠᠭᠠᠨ ᠰᠤᠳᠤᠯᠤᠯᠲᠠ ᠬᠢᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠡᠷᠭᠢᠯᠲᠡ ᠶᠢᠨ ᠪᠠᠶᠢᠳᠠᠯ ᠢ ᠴᠠᠭ ᠲᠤᠬᠠᠢ ᠳᠤᠨᠢ ᠡᠵᠡᠮᠳᠡᠨ᠂ ᠬᠦᠴᠢᠷᠳᠡᠯ ᠢ ᠰᠠᠨᠠᠭᠠᠴᠢᠯᠠᠭ᠎ᠠ ᠠᠴᠠ ᠪᠠᠨ ᠰᠢᠢᠳᠪᠦᠷᠢᠯᠡᠵᠦ᠂ ᠠᠵᠤ ᠠᠬᠤᠶᠢᠯᠠᠯ ᠤᠨ ᠬᠥᠭᠵᠢᠯᠲᠡ ᠶᠢ ᠡᠷᠢᠯᠬᠢᠯᠡᠨ᠂ ᠲᠥᠷᠥᠯ ᠵᠦᠢᠯ ᠪᠠᠶᠢᠭᠤᠯᠬᠤ ᠳᠤ ᠬᠦᠴᠦᠨ ᠨᠡᠮᠡᠷᠢᠯᠡᠵᠦ᠂ ᠪᠥᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠵᠢᠴᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ᠂ ᠲᠦᠷᠦᠯ ᠵᠦᠢᠯ ᠢ ᠴᠢᠷᠮᠠᠶᠢᠨ ᠣᠯᠬᠤ ᠴᠢᠳᠠᠪᠤᠷᠢ᠂ ᠭᠦᠢᠴᠡᠳᠬᠡᠬᠦ ᠴᠢᠳᠠᠪᠤᠷᠢ᠂ ᠦᠢᠯᠡᠴᠢᠯᠡᠬᠦ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠦᠨ᠂ ᠲᠦᠷᠦᠯ ᠵᠦᠢᠯ ᠤᠨ ᠤᠷᠤᠭᠰᠢᠲᠠᠢ ᠪᠦᠲᠦᠭᠡᠨ ᠪᠠᠶᠢᠭᠤᠯᠤᠯᠲᠠ ᠪᠠ ᠠᠵᠤ ᠠᠬᠤᠶᠢᠯᠠᠯ ᠤᠨ ᠲᠣᠭᠲᠠᠭᠤᠨ ᠡᠷᠭᠢᠯᠲᠡ ᠶᠢ ᠪᠠᠲᠤᠯᠠᠬᠤ ᠬᠡᠷᠡᠭᠲᠡᠢ᠃ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠦᠨ᠂ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠠᠮᠤᠷ ᠲᠦᠪᠰᠢᠨ ᠢᠶᠠᠷ ᠠᠵᠢᠯ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠵᠤ᠂ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠰᠠᠶᠢᠨ ᠡᠬᠢᠯᠡᠯᠲᠡ ᠳᠤ ᠪᠠᠲᠤ ᠴᠢᠩᠭ᠎ᠠ ᠡᠨᠧᠷᠭᠢ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠰᠠᠭᠤᠷᠢ ᠶᠢ ᠪᠠᠲᠤᠳᠬᠠᠨ ︽ ᠲᠠᠷᠢᠶᠠᠯᠠᠩ ᠠᠵᠦ ᠠᠬᠤᠢ ᠲᠠᠷᠢᠶᠠᠯᠠᠬᠤ ᠣᠷᠣᠨ ᠲᠠᠷᠢᠶᠠᠴᠢᠨ︾ ᠤ ᠲᠣᠭᠲᠠᠭᠤᠨ ᠢᠶᠠᠷ ᠰᠠᠶᠢᠵᠢᠷᠠᠬᠤ ᠶᠢ ᠠᠬᠢᠭᠤᠯᠤᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠠᠬᠢᠭᠤᠯᠬᠤ ᠬᠡᠷᠡᠭᠲᠡᠢ᠃ ᠣᠷᠣᠨ ᠵᠠᠢ ᠶᠢ ᠶᠡᠬᠡᠰᠬᠡᠨ ᠬᠡᠷᠡᠭᠯᠡᠭᠡᠨ ᠤ ᠳᠠᠯᠳᠠ ᠬᠦᠴᠦᠨ ᠢ ᠪᠠᠳᠠᠷᠠᠭᠤᠯᠵᠤ᠂ ᠪᠣᠳᠠᠰ ᠤᠨ ᠬᠤᠷᠠᠮᠳᠤᠯ ᠬᠤᠪᠢ ᠶᠢᠨ ᠨᠥᠬᠦᠪᠦᠷᠢ ᠶᠢᠨ ᠡᠷᠴᠢᠮ ᠢ ᠴᠢᠩᠭᠠᠷᠠᠭᠤᠯᠤᠨ᠂ ᠬᠡᠷᠡᠭᠯᠡᠭᠡᠨ ᠤ ᠵᠠᠭᠪᠤᠷ ᠤᠨ ᠰᠢᠨ᠎ᠡ ᠶᠢ ᠡᠭᠦᠳᠬᠦ ᠪᠠ ᠡᠵᠡᠩᠨᠡᠯᠲᠡ ᠶᠢᠨ ᠬᠡᠯᠪᠡᠷᠢ ᠶᠢᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ᠃ ᠪᠣᠳᠠᠲᠠᠢ ᠠᠵᠢᠯᠯᠠᠵᠤ ᠪᠣᠳᠠᠲᠤ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠤᠴᠢᠷ ᠶᠠᠪᠤᠳᠠᠯ ᠢ ᠪᠣᠳᠣᠯᠬᠢᠯᠠᠨ᠂ ᠬᠠᠷᠢᠭᠤᠴᠠᠯᠭ᠎ᠠ ᠡᠭᠦᠷᠭᠡᠯᠡᠵᠦ᠂ ᠪᠠᠷᠢᠮᠵᠢᠶ᠎ᠠ ᠲᠠᠢ ᠬᠠᠷᠢᠴᠠᠭᠤᠯᠤᠨ ᠲᠡᠷᠢᠭᠦᠨ ᠤ ᠬᠢ ᠪᠣᠯᠬᠤ ᠪᠠᠷ ᠴᠢᠷᠮᠠᠶᠢᠵᠤ᠂ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠪᠣᠳᠠᠲᠠᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠡᠷᠡᠰ ᠭᠤᠶᠢᠪᠢᠰᠢ ᠦᠭᠡᠢ ᠠᠬᠢᠭᠤᠯᠬᠤ ᠬᠡᠷᠡᠭᠲᠡᠢ ᠭᠡᠪᠡ᠃  
ᠢᠷᠡᠯᠲᠡ᠄ ᠣᠲᠤᠭ ᠨᠡᠶᠢᠲᠡᠯᠡᠯ