ᠠᠯᠪᠠᠨ ᠭᠡᠷᠡᠴᠢᠯᠡᠭᠡᠨ ᠤ ᠡᠩ ᠤᠨ ᠵᠢᠷᠦᠮ
ᠨᠡᠶᠢᠲᠡᠯᠡᠭᠰᠡᠨ ᠴᠠᠭ᠄
2024/3/7
      ᠨᠢᠭᠡ᠂ ᠭᠤᠶᠤᠴᠢᠯᠠᠬᠤ ᠪᠠ ᠬᠦᠯᠢᠶᠡᠨ ᠰᠢᠢᠳᠪᠦᠷᠢᠯᠡᠬᠦ 1. ᠭᠤᠶᠤᠴᠢᠯᠠᠬᠤ᠃ ᠭᠤᠶᠤᠴᠢᠯᠠᠬᠤ ᠭᠡᠳᠡᠭ ᠨᠢ ᠠᠷᠠᠳ ᠢᠷᠭᠡᠨ᠂ ᠬᠠᠤᠯᠢ ᠶᠢᠨ ᠡᠷᠬᠡᠳᠡᠨ ᠠᠴᠠ ᠠᠯᠪᠠᠨ ᠭᠡᠷᠡᠴᠢᠯᠡᠭᠡᠨ ᠤ ᠪᠠᠶᠢᠭᠤᠯᠤᠯᠭ᠎ᠠ ᠳᠤ ᠠᠯᠪᠠᠨ ᠭᠡᠷᠡᠴᠢᠯᠡᠭᠡ ᠭᠦᠢᠴᠡᠳᠭᠡᠬᠦ ᠭᠤᠶᠤᠴᠢᠯᠡᠯ ᠬᠢᠬᠦ ᠠᠵᠢᠯᠯᠠᠭ᠎ᠠ ᠶᠢ ᠵᠢᠭᠠᠵᠤ ᠪᠤᠢ᠃ ᠠᠷᠠᠳ ᠢᠷᠭᠡᠨ᠂ ᠬᠠᠤᠯᠢ ᠶᠢᠨ ᠡᠷᠬᠡᠳᠡᠨ ᠠᠴᠠ ᠠᠯᠪᠠᠨ ᠭᠡᠷᠡᠴᠢᠯᠡᠭᠡᠨ ᠤ ᠪᠠᠶᠢᠭᠤᠯᠤᠯᠭ᠎ᠠ ᠳᠤ ᠠᠯᠪᠠᠨ ᠭᠡᠷᠡᠴᠢᠯᠡᠭᠡ ᠭᠦᠢᠴᠡᠳᠭᠡᠬᠦ ᠭᠤᠶᠤᠴᠢᠯᠡᠯ ᠭᠠᠷᠭᠠᠬᠤ ᠨᠢ ᠳᠠᠷᠤᠢ ᠠᠯᠪᠠᠨ ᠭᠡᠷᠡᠴᠢᠯᠡᠭᠡᠨ ᠤ ᠠᠵᠢᠯ ᠡᠬᠢᠯᠡᠭᠰᠡᠨ ᠢ ᠬᠠᠷᠠᠭᠤᠯᠵᠤ ᠪᠠᠶᠢᠨ᠎ᠠ᠃ ︽ᠠᠯᠪᠠᠨ ᠭᠡᠷᠡᠴᠢᠯᠡᠭᠡᠨ ᠤ ᠵᠢᠷᠦᠮ ᠤᠨ ᠳᠦᠷᠢᠮ ︵ᠲᠤᠷᠰᠢᠨ ᠭᠡᠷᠡᠭᠵᠢᠭᠦᠯᠬᠦ︶︾ ᠤᠨ ᠠᠷᠪᠠᠨ ᠳᠠᠪᠤᠳᠤᠭᠠᠷ ᠵᠦᠢᠯ ᠳᠤ ᠳᠤᠭᠳᠠᠭᠠᠭᠰᠠᠨ ᠢᠶᠠᠷ᠄ ︽ᠠᠷᠠᠳ ᠢᠷᠭᠡᠨ᠂ ᠬᠠᠤᠯᠢ ᠶᠢᠨ ᠡᠷᠬᠡᠳᠡᠨ ᠠᠴᠠ ᠠᠯᠪᠠᠨ ᠭᠡᠷᠡᠴᠢᠯᠡᠭᠡ ᠭᠤᠶᠤᠴᠢᠯᠠᠬᠤ ᠳᠠᠭᠠᠨ ᠠᠯᠪᠠᠨ ᠭᠡᠷᠡᠴᠢᠯᠡᠭᠡᠨ ᠤ ᠭᠠᠵᠠᠷ ᠲᠤ ᠳᠤᠷᠠᠳᠤᠯᠭ᠎ᠠ ᠭᠠᠷᠭᠠᠬᠤ ᠶᠢᠨ ᠬᠠᠮᠳᠤ᠂ ᠠᠯᠪᠠᠨ ᠭᠡᠷᠡᠴᠢᠯᠡᠭᠡᠨ ᠤ ᠭᠤᠶᠤᠴᠢᠯᠠᠯ ᠤᠨ ᠬᠦᠰᠦᠨᠦᠭᠳᠤ ᠶᠢ ᠳᠠᠭᠯᠠᠨ᠎ᠠ︾᠃ ᠠᠷᠪᠠᠨ ᠵᠢᠷᠭᠤᠳᠤᠭᠠᠷ ᠵᠦᠢᠯ ᠳᠤ ᠳᠤᠭᠳᠠᠭᠠᠭᠰᠠᠨ ᠢᠶᠠᠷ᠄ ︽ᠠᠷᠠᠳ ᠢᠷᠭᠡᠨ᠂ ᠬᠠᠤᠯᠢ ᠶᠢᠨ ᠡᠷᠬᠡᠳᠡᠨ ᠠᠴᠠ ᠠᠯᠪᠠᠨ ᠭᠡᠷᠡᠴᠢᠯᠡᠭᠡ ᠭᠤᠶᠤᠴᠢᠯᠠᠬᠤ ᠳᠠᠭᠠᠨ ᠳᠤᠤᠷᠠᠬᠢ ᠮᠡᠳᠤ ᠪᠢᠴᠢᠭ ᠮᠠᠲ᠋ᠧᠷᠢᠶᠠᠯ ᠢ ᠳᠠᠪᠰᠢᠭᠦᠯᠦᠨ᠎ᠡ᠄ ︵1︶ ᠪᠡᠶ᠎ᠡ ᠶᠢᠨ ᠦᠨᠡᠮᠯᠡᠯ᠂ ᠬᠠᠤᠯᠢ ᠶᠢᠨ ᠡᠷᠬᠡᠳᠡᠨ ᠤ ᠬᠢᠷᠢ ᠬᠡᠮ ᠤᠨ ᠦᠨᠡᠮᠯᠡᠯ ᠵᠢᠴᠢ ᠬᠠᠤᠯᠢ ᠪᠠᠷ ᠲᠤᠭᠳᠠᠭᠠᠭᠰᠠᠨ ᠳᠦᠯᠦᠭᠡᠯᠡᠭᠴᠢ ᠶᠢᠨ ᠪᠡᠶ᠎ᠡ ᠶᠢᠨ ᠦᠨᠡᠮᠯᠡᠯ︔ ︵2︶ ᠤᠷᠤᠯᠠᠭᠴᠢ ᠠᠴᠠ ᠤᠷᠤᠯᠠᠨ ᠭᠤᠶᠤᠴᠢᠯᠠᠬᠤ ᠳᠤ ᠬᠦᠷᠪᠡᠯ᠂ ᠨᠠᠶᠢᠳᠠᠭᠳᠠᠭᠰᠠᠨ ᠤᠷᠤᠯᠠᠭᠴᠢ ᠡᠷᠬᠡᠪᠰᠢ ᠡᠷᠬᠡ ᠤᠯᠭᠤᠭᠰᠠᠨ ᠨᠠᠶᠢᠳᠠᠯᠭ᠎ᠠ ᠶᠢᠨ ᠪᠢᠴᠢᠭ᠂ ᠪᠤᠰᠤᠳ ᠤᠷᠤᠯᠠᠭᠴᠢ ᠡᠷᠬᠡᠪᠰᠢ ᠤᠷᠤᠯᠠᠬᠤ ᠡᠷᠬᠡ ᠲᠠᠢ ᠬᠢᠷᠢ ᠬᠡᠮ ᠤᠨ ᠭᠡᠷᠡᠴᠢᠯᠡᠯ ᠳᠤᠰᠢᠶᠠᠬᠤ ᠬᠡᠷᠡᠭᠳᠡᠢ︔ ︵3︶ ᠠᠯᠪᠠᠨ ᠭᠡᠷᠡᠴᠢᠯᠡᠭᠡᠨ ᠤ ᠪᠢᠴᠢᠭ ᠮᠠᠲ᠋ᠧᠷᠢᠶᠠᠯ ᠪᠠᠶᠢᠬᠤ ᠬᠡᠷᠡᠭᠳᠡᠢ︔ ︵4︶ ᠠᠯᠪᠠᠨ ᠭᠡᠷᠡᠴᠢᠯᠡᠭᠡ ᠲᠠᠢ ᠬᠤᠯᠪᠤᠭᠳᠠᠯ ᠲᠠᠢ ᠬᠠᠮᠢᠶ᠎ᠠ ᠪᠦᠬᠦᠢ ᠡᠳ᠋ ᠬᠦᠷᠦᠩᠭᠡ ᠶᠢᠨ ᠦᠮᠴᠢᠯᠡᠯ ᠤᠨ ᠡᠷᠬᠡ ᠶᠢᠨ ᠭᠡᠷᠡᠴᠢᠯᠡᠯ︔ ︵5︶ ᠠᠯᠪᠠᠨ ᠭᠡᠷᠡᠴᠢᠯᠡᠭᠡ ᠲᠠᠢ ᠬᠤᠯᠪᠤᠭᠳᠠᠯ ᠲᠠᠢ ᠪᠤᠰᠤᠳ ᠮᠠᠲ᠋ᠧᠷᠢᠶᠠᠯ᠃ 2. ᠬᠦᠯᠢᠶᠡᠨ ᠰᠢᠢᠳᠪᠦᠷᠢᠯᠡᠬᠦ᠃ ᠬᠦᠯᠢᠶᠡᠨ ᠰᠢᠢᠳᠪᠦᠷᠢᠯᠡᠬᠦ ᠭᠡᠳᠡᠭ ᠨᠢ ᠠᠯᠪᠠᠨ ᠭᠡᠷᠡᠴᠢᠯᠡᠭᠡᠨ ᠤ ᠭᠠᠵᠠᠷ ᠤᠨ  ᠬᠢᠨ ᠠᠷᠠᠳ ᠢᠷᠭᠡᠨ᠂ ᠬᠠᠤᠯᠢ ᠶᠢᠨ ᠡᠷᠬᠡᠳᠡᠨ ᠤ ᠠᠯᠪᠠᠨ ᠭᠡᠷᠡᠴᠢᠯᠡᠭᠡᠨ ᠤ ᠭᠤᠶᠤᠴᠢᠯᠠᠯ ᠢ ᠬᠦᠯᠢᠶᠡᠨ ᠠᠪᠬᠤ ᠶᠢᠨ ᠬᠠᠮᠳᠤ᠂ ᠰᠢᠢᠳᠪᠦᠷᠢᠯᠡᠵᠤ ᠦᠭᠬᠦ ᠪᠠᠷ ᠵᠦᠪᠰᠢᠶᠡᠷᠡᠭᠰᠡᠨ ᠠᠵᠢᠯᠯᠠᠭ᠎ᠠ ᠶᠢ ᠵᠢᠭᠠᠵᠤ ᠪᠤᠢ᠃ ᠬᠦᠯᠢᠶᠡᠨ ᠠᠪᠤᠭᠰᠠᠨ ᠨᠢ ᠠᠯᠪᠠᠨ ᠭᠡᠷᠡᠴᠢᠯᠡᠭᠡᠨ ᠤ ᠭᠠᠵᠠᠷ ᠤᠨ ᠠᠯᠪᠠᠨ ᠭᠡᠷᠡᠴᠢᠯᠡᠭᠡᠨ ᠤ ᠠᠵᠢᠯᠯᠠᠭᠠᠨ ᠤ ᠡᠬᠢᠯᠡᠭᠰᠡᠨ ᠢ ᠬᠠᠷᠠᠭᠤᠯᠵᠤ ᠪᠠᠶᠢᠨ᠎ᠠ᠃ ︽ᠠᠯᠪᠠᠨ ᠭᠡᠷᠡᠴᠢᠯᠡᠭᠡᠨ ᠤ ᠳᠡᠰ ᠳᠠᠷᠠᠭᠠᠯᠠᠯ ᠤᠨ ᠳᠦᠷᠢᠮ ︵ᠲᠤᠷᠰᠢᠨ ᠭᠡᠷᠡᠭᠵᠢᠭᠦᠯᠬᠦ︶︾ ᠠᠷᠪᠠᠨ ᠳᠤᠯᠤᠳᠤᠭᠠᠷ ᠵᠦᠢᠯ  ᠳᠤ ᠳᠤᠭᠳᠠᠭᠠᠭᠰᠠᠨ ᠢᠶᠠᠷ᠄ ︽ᠳᠤᠤᠷᠠᠬᠢ ᠮᠡᠳᠤ ᠲᠦᠷᠢᠮ ᠳᠤᠭᠳᠠᠭᠠᠯ ᠳᠤ ᠨᠡᠶᠢᠴᠡᠭᠰᠡᠨ ᠭᠤᠶᠤᠴᠢᠯᠠᠯ ᠢ ᠠᠯᠪᠠᠨ ᠭᠡᠷᠡᠴᠢᠯᠡᠭᠡᠨ ᠤ ᠭᠠᠵᠠᠷ ᠠᠴᠠ ᠬᠦᠯᠢᠶᠡᠨ ᠠᠪᠴᠤ ᠰᠢᠢᠳᠪᠦᠷᠢᠯᠡᠬᠦ ᠬᠡᠷᠡᠭᠳᠡᠢ᠄ ︵1︶ ᠠᠯᠪᠠᠨ ᠭᠡᠷᠡᠴᠢᠯᠡᠭᠡ ᠭᠤᠶᠤᠴᠢᠯᠠᠭᠰᠠᠨ ᠬᠦᠮᠦᠨ ᠪᠠ ᠭᠤᠶᠤᠴᠢᠯᠠᠭᠰᠠᠨ ᠠᠯᠪᠠᠨ ᠭᠡᠷᠡᠴᠢᠯᠡᠭᠡᠨ ᠤ ᠵᠦᠢᠯᠡᠰ ᠨᠢ ᠠᠰᠢᠭ ᠬᠤᠤᠷ ᠤᠨ ᠬᠠᠷᠢᠴᠠᠭ᠎ᠠ ᠲᠠᠢ︔ ︵2︶ ᠭᠤᠶᠤᠴᠢᠯᠠᠭᠰᠠᠨ ᠠᠯᠪᠠᠨ ᠭᠡᠷᠡᠴᠢᠯᠡᠭᠡᠨ ᠤ ᠬᠡᠷᠡᠭ ᠶᠠᠪᠤᠳᠠᠯ ᠤᠨ ᠳᠤᠬᠠᠢ ᠶᠢᠨ ᠬᠦᠮᠦᠨ ᠪᠠ ᠠᠰᠢᠭ ᠳᠤᠰᠠ ᠶᠢᠨ ᠬᠠᠷᠢᠴᠠᠭᠠᠳᠠᠢ ᠬᠦᠮᠦᠨ ᠤ ᠬᠤᠭᠤᠷᠤᠨᠳᠤ ᠪᠠᠨ ᠠᠯᠪᠠᠨ ᠬᠡᠷᠡᠴᠢᠯᠡᠭᠡ ᠬᠢᠬᠦ ᠪᠠᠷ ᠭᠤᠶᠤᠴᠢᠯᠠᠭᠰᠠᠨ ᠵᠦᠢᠯᠡᠰ ᠲᠤ ᠮᠠᠷᠭᠤᠭᠠᠨ ᠪᠠᠶᠢᠬᠤ ᠦᠭᠡᠢ︔ ︵3︶ ᠠᠯᠪᠠᠨ ᠭᠡᠷᠡᠴᠢᠯᠡᠭᠡ ᠬᠢᠬᠦ ᠪᠠᠷ ᠭᠤᠶᠤᠴᠢᠯᠠᠭᠰᠠᠨ ᠵᠦᠢᠯᠡᠰ ᠨᠢ ᠠᠯᠪᠠᠨ ᠭᠡᠷᠡᠴᠢᠯᠡᠭᠡᠨ ᠤ ᠭᠠᠵᠠᠷ ᠤᠨ ᠳᠤᠬᠠᠶᠢᠢᠯᠠᠭᠰᠠᠨ ᠠᠵᠢᠯ ᠤᠨ ᠬᠦᠷᠢᠶ᠎ᠡ ᠬᠡᠪᠴᠢᠶᠡᠨ ᠳᠤ ᠪᠠᠭᠳᠠᠭᠳᠠᠬᠤ︔ ︵4︶ ᠠᠯᠪᠠᠨ ᠭᠡᠷᠡᠴᠢᠯᠡᠭᠡ ᠬᠢᠬᠦ ᠪᠠᠷ ᠭᠤᠶᠤᠴᠢᠯᠠᠭᠰᠠᠨ ᠵᠦᠢᠯᠡᠰ ᠨᠢ ᠳᠤᠰ ᠠᠯᠪᠠᠨ ᠭᠡᠷᠡᠴᠢᠯᠡᠭᠡᠨ ᠤ ᠭᠠᠵᠠᠷ ᠤᠨ ᠬᠠᠷᠢᠶᠠᠨ ᠳᠤ ᠪᠠᠭᠳᠠᠭᠳᠠᠬᠤ᠃ ᠠᠯᠪᠠᠨ ᠭᠡᠷᠡᠴᠢᠯᠡᠭᠡᠨ ᠤ ᠭᠠᠵᠠᠷ ᠬᠦᠯᠢᠶᠡᠨ ᠠᠪᠤᠭᠰᠠᠨ ᠤ ᠳᠠᠷᠠᠭ᠎ᠠ᠂ ᠠᠯᠪᠠᠨ ᠭᠡᠷᠡᠴᠢᠯᠡᠭᠡᠨ ᠤ ᠳᠡᠮᠳᠡᠭᠯᠡᠯ ᠤᠨ ᠳᠡᠪᠳᠡᠷ ᠲᠡᠭᠡᠨ ᠳᠠᠮᠳᠡᠭᠯᠠᠨ᠎ᠠ᠃ ᠠᠯᠪᠠᠨ ᠭᠡᠷᠡᠴᠢᠯᠡᠭᠡᠨ ᠤ ᠵᠦᠢᠯᠡᠰ ᠢ ᠭᠠᠷᠳᠠᠭᠴᠢ ᠡᠷᠬᠡᠪᠰᠢ ᠬᠦᠯᠢᠶᠡᠨ ᠠᠪᠴᠤ ᠰᠢᠢᠳᠪᠦᠷᠢᠯᠡᠬᠦ ᠮᠡᠳᠡᠭᠳᠡᠯ ᠤᠨ ᠪᠢᠴᠢᠭ ᠵᠤᠬᠢᠶᠠᠵᠤ ᠳᠤᠬᠠᠢ ᠶᠢᠨ ᠬᠦᠮᠦᠨ ᠳᠤ ᠶᠠᠪᠤᠭᠤᠯᠤᠨ ᠦᠭᠴᠤ᠂ ᠠᠯᠪᠠᠨ ᠭᠡᠷᠡᠴᠢᠯᠡᠭᠡᠨ ᠤ ᠰᠦᠢᠳᠭᠡᠯ ᠬᠤᠷᠢᠶᠠᠬᠤ ᠶᠢᠨ ᠬᠠᠮᠳᠤ᠂ ᠠᠯᠪᠠᠨ ᠭᠡᠷᠡᠴᠢᠯᠡᠭᠡᠨ ᠤ ᠳᠠᠩᠰᠠ ᠡᠪᠬᠡᠮᠡᠯ ᠡᠬᠢᠯᠡᠨ ᠪᠠᠶᠢᠭᠤᠯᠤᠨ᠎ᠠ᠃ ᠠᠯᠪᠠᠨ ᠭᠡᠷᠡᠴᠢᠯᠡᠭᠡᠨ ᠤ ᠭᠠᠵᠠᠷ ᠤᠨ ᠬᠢᠨ ᠪᠠᠰᠠ ᠳᠤᠬᠠᠢ ᠶᠢᠨ ᠬᠦᠮᠦᠨ ᠤ ᠱᠠᠭᠠᠷᠳᠠᠯᠭ᠎ᠠ ᠪᠠᠷ᠂ ᠳᠤᠬᠠᠢ ᠶᠢᠨ ᠬᠦᠮᠦᠨ ᠢ ᠬᠠᠪᠰᠤᠷᠴᠤ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠤᠨ ᠡᠬᠡ ᠨᠤᠤᠷᠠᠭ ᠪᠢᠴᠢᠬᠦ ᠵᠠᠰᠠᠬᠤ᠂ ᠳᠤᠭᠤᠷᠪᠢᠵᠤ ᠪᠤᠯᠤᠨ᠎ᠠ᠃       ᠬᠤᠶᠠᠷ᠂ ᠬᠢᠨᠠᠨ ᠪᠠᠶᠢᠴᠠᠭᠠᠬᠤ ᠠᠯᠪᠠᠨ ᠭᠡᠷᠡᠴᠢᠯᠡᠭᠡ ᠶᠢ ᠬᠢᠨᠠᠨ ᠪᠠᠶᠢᠴᠠᠭᠠᠬᠤ ᠭᠡᠳᠡᠭ ᠨᠢ ᠠᠯᠪᠠᠨ ᠭᠡᠷᠡᠴᠢᠯᠡᠭᠡᠨ ᠤ ᠭᠠᠵᠠᠷ ᠠᠴᠠ ᠳᠤᠬᠠᠢ ᠶᠢᠨ ᠬᠦᠮᠦᠨ ᠤ ᠠᠯᠪᠠᠨ ᠭᠡᠷᠡᠴᠢᠯᠡᠭᠡᠨ ᠤ ᠭᠤᠶᠤᠴᠢᠯᠠᠯ ᠢ ᠬᠦᠯᠢᠶᠡᠨ ᠠᠪᠤᠭᠰᠠᠨ ᠤ ᠳᠠᠷᠠᠭ᠎ᠠ᠂ ᠠᠯᠪᠠᠨ ᠭᠡᠷᠡᠴᠢᠯᠡᠭᠡᠨ ᠤ ᠪᠢᠴᠢᠭ ᠵᠤᠬᠢᠶᠠᠬᠤ ᠠᠴᠠ ᠡᠮᠦᠨ᠎ᠡ᠂ ᠳᠤᠬᠠᠢ ᠶᠢᠨ ᠬᠦᠮᠦᠨ ᠤ ᠠᠯᠪᠠᠨ ᠭᠡᠷᠡᠴᠢᠯᠡᠭᠡ ᠬᠢᠬᠦ ᠪᠠᠷ ᠭᠤᠶᠤᠴᠢᠯᠠᠭᠰᠠᠨ ᠵᠦᠢᠯᠡᠰ ᠵᠢᠴᠢ ᠬᠠᠩᠭᠠᠭᠰᠠᠨ ᠬᠠᠮᠢᠶ᠎ᠠ ᠪᠦᠬᠦᠢ ᠭᠡᠷᠡᠴᠢ ᠪᠢᠴᠢᠭ ᠮᠠᠲ᠋ᠧᠷᠢᠶᠠᠯ ᠳᠤ ᠬᠠᠤᠯᠢ ᠴᠠᠭᠠᠵᠠ ᠪᠠ ᠪᠤᠳᠠᠳᠤ ᠪᠠᠶᠢᠳᠠᠯ ᠬᠤᠶᠠᠷ ᠳᠠᠯ᠎ᠠ ᠠᠴᠠ ᠪᠠᠶᠢᠴᠠᠭᠠᠯᠳᠠ ᠬᠢᠵᠤ᠂ ᠬᠢᠨᠠᠨ ᠬᠠᠷᠭᠤᠭᠤᠯᠤᠨ᠎ᠠ᠃ ᠠᠯᠪᠠᠨ ᠭᠡᠷᠡᠴᠢᠯᠡᠭᠡᠨ ᠤ ᠬᠢᠨᠠᠨ ᠪᠠᠶᠢᠴᠠᠭᠠᠯᠳᠠ ᠪᠤᠯ ᠠᠯᠪᠠᠨ ᠭᠡᠷᠡᠴᠢᠯᠡᠭᠡᠨ ᠤ ᠠᠵᠢᠯᠯᠠᠭᠠᠨ ᠤ ᠶᠠᠪᠤᠴᠠ ᠳᠠᠬᠢ ᠬᠠᠮᠤᠭ ᠴᠢᠬᠤᠯᠠ ᠱᠠᠳᠤ ᠦᠶ᠎ᠡ᠂ ᠮᠦᠨᠴᠤ ᠠᠯᠪᠠᠨ ᠭᠡᠷᠡᠴᠢᠯᠡᠭᠡᠨ ᠤ ᠶᠠᠰᠤ ᠴᠢᠨᠠᠷ ᠢ ᠪᠠᠳᠤᠯᠠᠬᠤ ᠵᠠᠩᠬᠢᠯᠠᠭ᠎ᠠ ᠶᠢᠨ ᠭᠤᠭᠴᠤᠭ᠎ᠠ ᠪᠤᠯᠤᠨ᠎ᠠ᠃ ᠭᠤᠷᠪᠠ᠂ ᠠᠯᠪᠠᠨ ᠭᠡᠷᠡᠴᠢᠯᠡᠭᠡᠨ ᠤ ᠪᠢᠴᠢᠭ ᠭᠠᠷᠭᠠᠨ ᠦᠭᠬᠦ ᠠᠯᠪᠠᠨ ᠭᠡᠷᠡᠴᠢᠯᠡᠭᠡᠨ ᠤ ᠪᠢᠴᠢᠭ ᠭᠠᠷᠭᠠᠨ ᠦᠭᠬᠦ ︵ᠳᠦᠭᠦᠮᠴᠢᠯᠡᠪᠡᠯ ︽ᠭᠡᠷᠡᠴᠢ ᠭᠠᠷᠭᠠᠬᠤ︾︶ ᠭᠡᠳᠡᠭ ᠨᠢ ᠠᠯᠪᠠᠨ ᠭᠡᠷᠡᠴᠢᠯᠡᠭᠡᠨ ᠤ ᠭᠠᠵᠠᠷ ᠠᠴᠠ ᠬᠢᠨᠠᠨ ᠪᠠᠶᠢᠴᠠᠭᠠᠭᠰᠠᠨ ᠦᠷ᠎ᠡ ᠳ᠋ᠦᠩ ᠢ ᠦᠨᠳᠤᠰᠦᠯᠡᠨ᠂ ᠠᠯᠪᠠᠨ ᠭᠡᠷᠡᠴᠢᠯᠡᠭᠡᠨ ᠳᠤ ᠨᠡᠶᠢᠴᠡᠭᠰᠡᠨ ᠠᠯᠪᠠᠨ ᠭᠡᠷᠡᠴᠢᠯᠡᠭᠡᠨ ᠤ ᠵᠦᠢᠯᠡᠰ ᠲᠤ ᠬᠠᠤᠯᠢ ᠴᠠᠭᠠᠵᠠ ᠳᠤ ᠳᠤᠭᠳᠠᠭᠠᠭᠰᠠᠨ ᠡᠮᠬᠢ ᠲᠠᠷᠠᠭᠠᠯᠠᠯ ᠶᠤᠰᠤᠭᠠᠷ ᠬᠢᠨᠠᠨ ᠵᠦᠪᠰᠢᠶᠡᠷᠡᠬᠦ᠂ ᠪᠢᠴᠢᠭ ᠵᠤᠬᠢᠶᠠᠬᠤ᠂ ᠪᠢᠴᠢᠭ ᠭᠠᠷᠭᠠᠬᠤ᠂ ᠠᠯᠪᠠᠨ ᠭᠡᠷᠡᠴᠢᠯᠡᠭᠡᠨ ᠤ ᠪᠢᠴᠢᠭ ᠬᠦᠷᠭᠡᠬᠦ ᠠᠵᠢᠯᠯᠠᠭ᠎ᠠ ᠶᠢ ᠵᠢᠭᠠᠵᠤ ᠪᠠᠶᠢᠨ᠎ᠠ᠃ 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ