ᠠᠭᠸᠠᠩᠳᠤᠩᠮᠢᠳ ᠄ ᠮᠣᠩᠭᠤᠯ ᠦᠨᠳᠦᠰᠦᠲᠡᠨ᠂ ᠡᠷᠡᠭᠲᠡᠢ᠂ 1914 ᠣᠨ ᠤ 6 ᠳ᠋ᠤᠭᠠᠷ ᠰᠠᠷ᠎ᠠ ᠶᠢᠨ 8 ᠤ ᠡᠳᠦᠷ᠂ ᠣᠳᠣ ᠶᠢᠨ ᠠᠷᠪᠠᠰ ᠰᠤᠮᠤᠨ ᠤ | ᠴᠢᠯᠠᠭᠤᠨᠪᠠᠢ ᠭᠠᠴᠠᠭ᠎ᠠ ᠶᠢᠨ ᠳᠣᠯᠣᠭᠠᠨ ᠰᠢᠷᠭᠢ ᠭᠡᠳᠡᠭ ᠭᠠᠵᠠᠷ ᠰᠤᠯᠠ ᠲᠠᠶᠢᠵᠢ ᠠᠷᠪᠢᠨᠬᠡᠰᠢᠭ ᠤᠨ ᠬᠥᠪᠡᠭᠦᠨ ᠪᠣᠯᠣᠨ ᠵᠠᠶᠠᠭᠠᠵᠠᠢ᠃ 1920 ᠣᠨ ᠳᠤ ᠳᠣᠯᠣᠭᠠᠨ | ᠰᠢᠷᠭᠢ ᠰᠥᠮ᠎ᠡ ᠳᠤ ᠬᠦᠷᠭᠡᠭᠳᠡᠨ ᠪᠠᠨᠳᠢᠳᠠ ᠭᠤᠨᠴᠤᠭᠫᠧᠷᠠᠩᠯᠠᠶᠢᠷᠠᠪᠵᠠᠢ ᠶᠢᠨ ᠱᠠᠪᠢ ᠪᠣᠯᠵᠦ ᠲᠥᠪᠡᠳ ᠪᠢᠴᠢᠭ ᠰᠤᠷᠴᠠᠢ᠃ 1929 — 1936 ᠣᠨ ᠤ | ᠬᠤᠭᠤᠷᠣᠨᠳᠤ ᠲᠤᠰ ᠰᠥᠮ᠎ᠡ ᠳᠡᠭᠡᠷ᠎ᠡ ᠡᠮᠨᠡᠯᠭᠡ ᠶᠢᠨ ᠤᠬᠠᠭᠠᠨ ᠰᠤᠷᠴᠤ᠂ 1936 — 1952 ᠣᠨ ᠬᠦᠷᠲᠡᠯ᠎ᠡ ᠲᠤᠰ ᠰᠥᠮ᠎ᠡ ᠳᠡᠭᠡᠷ᠎ᠡ ᠱᠠᠰᠢᠨ ᠤ | ᠠᠵᠢᠯᠯᠠᠭ᠎ᠠ ᠳᠤ ᠣᠷᠣᠯᠴᠠᠬᠤ ᠶᠢᠨ ᠬᠠᠮᠲᠤ ᠡᠮᠴᠢᠯᠡᠭᠡ ᠬᠢᠵᠦ ᠪᠠᠶᠢᠪᠠ᠃ | 1952 ᠣᠨ ᠤ 10 ᠳ᠋ᠤᠭᠠᠷ ᠰᠠᠷ᠎ᠠ ᠳᠤ᠂ ᠲᠡᠷᠡ 7 ᠨᠡᠷ᠎ᠡ ᠯᠠᠮᠠ ᠡᠮᠴᠢ ᠶᠢ ᠵᠣᠬᠢᠶᠠᠨ ᠪᠠᠶᠢᠭᠤᠯᠵᠤ᠂ ᠬᠤᠪᠢ ᠣᠷᠣᠭᠤᠯᠤᠭᠰᠠᠨ ᠬᠡᠯᠪᠡᠷᠢ ᠪᠠᠷ | ᠭᠤᠷᠪᠠᠳᠤᠭᠠᠷ ᠨᠤᠲᠤᠭ ᠤᠨ ᠠᠯᠪᠠᠨ ᠭᠠᠵᠠᠷ ᠪᠠᠶᠢᠭ᠎ᠠ ᠷᠠᠰᠠᠩ ᠤᠨ ᠰᠥᠮ᠎ᠡ ᠳᠡᠭᠡᠷ᠎ᠡ ᠬᠠᠮᠲᠤᠷᠠᠭᠰᠠᠨ ᠡᠮᠨᠡᠯᠭᠡ ᠶᠢᠨ ᠭᠠᠵᠡᠷ ᠡᠷᠬᠢᠯᠡᠵᠦ᠂ ᠰᠤᠮᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠪᠠᠶᠢᠭᠤᠯᠬᠤ ᠳᠤ ᠰᠠᠭᠤᠷᠢ ᠲᠠᠯᠪᠢᠵᠤ ᠥᠭᠴᠡᠢ᠃ 1958 — 1968 ᠣᠨ ᠬᠦᠷᠲᠡᠯ᠎ᠡ ᠠᠷᠪᠠᠰ ᠰᠤᠮᠤᠨ ᠤ ᠡᠷᠡᠭᠦᠯ ᠬᠠᠮᠠᠭᠠᠯᠠᠯ ᠤᠨ | ᠬᠤᠷᠢᠶᠠᠨ ᠤ ᠳᠠᠷᠤᠭ᠎ᠠ ᠪᠣᠯᠵᠠᠢ᠃ 1964 ᠣᠨ ᠳᠤ ᠲᠡᠷᠡ ᠬᠤᠰᠢᠭᠤ ᠡᠮᠨᠡᠯᠭᠡ ᠶᠢᠨ ᠬᠤᠷᠢᠶᠠᠨ ᠤ ᠮᠣᠩᠭᠤᠯ ᠡᠮᠴᠢ ᠰᠦᠷᠬᠦᠮ ︵ᠲᠥᠪᠡᠳ ᠦᠨᠳᠦᠰᠦᠲᠡᠨ᠂ | ᠬᠢᠲᠠᠳ ᠨᠡᠷ᠎ᠡ ᠨᠢ ᠮᠠ ᠱᠸᠦ ᠱᠠᠨ︶᠂ ᠠᠷᠪᠠᠰ ᠤᠨ ᠬᠥᠳᠡᠭᠡ ᠶᠢᠨ ᠡᠮᠴᠢ ᠷᠠᠪᠵᠠᠢ ᠭᠤᠷᠪᠠᠭᠤᠯᠠ ᠵᠠᠭᠤᠨ ᠭᠠᠵᠠᠷ ᠤᠨ ᠠᠷᠪᠠᠰ ᠤᠨ ᠠᠭᠤᠯᠠ ᠶᠢ ᠲᠤᠭᠤᠷᠠᠲᠠᠯ᠎ᠠ | ᠶᠠᠪᠤᠵᠤ 160 ᠭᠠᠷᠤᠢ ᠵᠦᠢᠯ ᠤᠨ ᠮᠣᠩᠭᠤᠯ ᠡᠮ ᠤᠨ ᠵᠠᠭᠪᠤᠷ ᠲᠡᠭᠦᠵᠦ ᠴᠤᠭᠯᠠᠭᠤᠯᠵᠠᠢ᠃ 1975 ᠣᠨ ᠠᠴᠠ ᠡᠬᠢᠯᠡᠨ ᠲᠡᠷᠡ ︽ᠣᠷᠳᠣᠰ ᠤᠨ ᠮᠣᠩᠭᠤᠯ ᠡᠮ | ᠡᠮᠨᠡᠯᠭᠡ︾ ᠰᠡᠳᠬᠦᠯ ᠳᠡᠭᠡᠷ᠎ᠡ ᠣᠯᠠᠨ ᠤᠳᠠᠭ᠎ᠠ ᠡᠷᠳᠡᠮ ᠰᠢᠨᠵᠢᠯᠡᠭᠡᠨ ᠤ ᠦᠭᠦᠯᠡᠯ ᠨᠡᠶᠢᠲᠡᠯᠡᠵᠡᠢ᠃ ᠡᠭᠦᠨ ᠳᠤ ︽ᠴᠠᠩᠬ᠎ᠠ ᠡᠪᠡᠳᠴᠢᠨ ᠢ ᠵᠠᠰᠠᠬᠤ ᠲᠤᠬᠠᠢ︾ ᠭᠡᠳᠡᠭ | ᠦᠬᠦᠯᠡᠯ ᠨᠢ 1983 ᠣᠨ ᠳᠤ ᠪᠣᠯᠣᠭᠰᠠᠨ ᠶᠡᠭᠡ ᠵᠣᠣ ᠠᠶᠢᠮᠠᠭ ᠤᠨ ᠮᠣᠩᠭᠤᠯ ᠡᠮ ᠡᠮᠨᠡᠯᠭᠡ ᠶᠢᠨ ᠡᠷᠳᠡᠮ ᠰᠢᠨᠵᠢᠯᠡᠭᠡᠨ ᠤ ᠡᠪᠯᠡᠯ ᠤᠨ ᠰᠢᠯᠢᠳᠡᠭ ᠦᠬᠦᠯᠡᠯ ᠤᠨ | ᠱᠠᠩᠨᠠᠯ ᠬᠦᠷᠲᠡᠵᠡᠢ᠃ | 1977 ᠣᠨ ᠤ 12 ᠳ᠋ᠤᠭᠠᠷ ᠰᠠᠷ᠎ᠠ ᠳᠤ ᠲᠡᠷᠡ ᠣᠲᠤᠭ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠳᠣᠲᠤᠷ ᠰᠠᠯᠠᠭ᠎ᠠ ᠶᠢᠨ ᠡᠷᠬᠢᠯᠡᠭᠴᠢ ᠪᠠᠷ | ᠰᠢᠯᠵᠢᠨ ᠠᠵᠢᠯᠯᠠᠵᠤ᠂ 1979 ᠣᠨ ᠤ 9 ᠳ᠋ᠦ᠋ᠭᠡᠷ ᠰᠠᠷ᠎ᠠ ᠳᠤ ᠭᠤᠣᠯᠯᠠᠭᠴᠢ ᠡᠮᠴᠢ ᠶᠢᠨ ᠴᠣᠯᠠ ᠣᠯᠵᠦ᠂ 1983 ᠣᠨ ᠤ 3 ᠳ᠋ᠤᠭᠠᠷ ᠰᠠᠷ᠎ᠠ ᠳᠤ ᠳᠡᠳ᠋ | ᠡᠷᠬᠢᠯᠡᠭᠴᠢ ᠡᠮᠴᠢ ᠪᠠᠷ ᠳᠡᠪᠰᠢᠭᠦᠯᠦᠭᠳᠡᠪᠡ᠃ ᠲᠡᠷᠡ ᠦᠲᠡᠯ᠎ᠡ ᠨᠠᠰᠤᠨ ᠳᠠᠭᠠᠨ ᠮᠣᠩᠭᠤᠯ ᠡᠮ ᠡᠮᠨᠡᠯᠭᠡ ᠶᠢᠨ ᠲᠡᠦᠬᠡᠨ ᠥᠪ ᠬᠥᠷᠥᠩᠭᠡ ᠶᠢ ᠠᠭᠤᠳᠠᠯᠬᠤ᠂ | ᠡᠮᠬᠢᠳᠬᠡᠬᠦ᠂ ᠰᠤᠳᠤᠯᠬᠤ ᠠᠵᠢᠯ ᠢ ᠢᠳᠡᠪᠬᠢᠲᠡᠢ ᠥᠷᠨᠢᠭᠦᠯᠵᠡᠢ᠃ 1979 ᠣᠨ ᠤ 3 ᠳ᠋ᠤᠭᠠᠷ ᠰᠠᠷ᠎ᠠ ᠠᠴᠠ 1981 ᠣᠨ ᠤ 10 ᠳ᠋ᠤᠭᠠᠷ ᠰᠠᠷ᠎ᠠ ᠬᠦᠷᠲᠡᠯ᠎ᠡ | ᠲᠡᠷᠡ ᠪᠤᠰᠤᠳ ᠡᠮᠴᠢ ᠨᠠᠷ ᠲᠠᠢ ᠬᠠᠮᠲᠤᠷᠠᠨ ᠲᠥᠪᠡᠳ ᠬᠡᠯᠡᠨ ᠤ ᠡᠮᠨᠡᠯᠭᠡ ᠶᠢᠨ ᠤᠬᠠᠭᠠᠨ ᠤ ᠰᠣᠩᠭᠤᠳᠠᠭ ᠵᠣᠬᠢᠶᠠᠯ ᠤᠳ ᠤᠨ ᠳᠣᠲᠣᠷ᠎ᠠ ᠠᠴᠠ ︽ᠦᠵᠡᠬᠦᠶ᠎ᠡ | ᠬᠢᠯᠪᠡᠷ ᠰᠠᠷᠠᠨ ᠤ ᠭᠡᠷᠡᠯ ᠬᠡᠮᠡᠭᠳᠡᠬᠦ ᠲᠠᠭᠶ᠋ᠢᠭ︾᠂ ︽ᠲᠣᠰᠣᠯ ᠤᠰᠤᠨ ᠤ ᠬᠤᠷᠢᠶᠠᠩᠭᠤᠢ︾᠂ ︽ᠣᠨᠣᠰᠢᠯᠠᠬᠤ ᠣᠪᠠᠳᠢᠰᠲᠤ ᠠᠷᠭ᠎ᠠ︾᠂ ︽ᠷᠠᠰᠢᠶᠠᠨ ᠤ ᠲᠣᠰᠣᠯ | ᠬᠡᠮᠡᠭᠳᠡᠬᠦ ᠲᠤᠷᠰᠢᠯᠭᠠᠲᠤ ᠵᠣᠷ︾ ᠵᠡᠷᠭᠡ ᠵᠣᠬᠢᠶᠠᠯ ᠢ ᠮᠣᠩᠭᠤᠯᠴᠢᠯᠠᠵᠠᠢ᠃ ᠡᠭᠦᠨ ᠳᠤ ᠲᠤᠰ ᠬᠤᠰᠢᠭᠤᠨ ᠤ ᠲᠢᠶᠠᠠ ᠰᠥᠮ᠎ᠡ ᠶᠢᠨ ᠪᠠᠨᠳᠢᠳᠠ ᠵᠠᠯᠰᠬᠠᠤᠳᠽᠠᠷ ᠤᠨ | ᠨᠠᠶᠢᠷᠠᠭᠤᠯᠤᠨ ᠵᠣᠬᠢᠶᠠᠭᠰᠠᠨ ︽ᠷᠠᠰᠢᠶᠠᠨ ᠤ ᠲᠣᠰᠣᠯ ᠬᠡᠮᠡᠭᠳᠡᠬᠦ ᠲᠤᠷᠰᠢᠯᠭᠠᠲᠤ ᠵᠣᠷ︾ ᠢ 1986 ᠣᠨ ᠳᠤ ᠥᠪᠥᠷ ᠮᠣᠩᠭᠤᠯ ᠤᠨ ᠠᠷᠠᠳ ᠤᠨ ᠬᠡᠪᠯᠡᠯ ᠤᠨ | ᠬᠤᠷᠢᠶ᠎ᠠ ᠠᠴᠠ ᠬᠡᠪᠯᠡᠭᠦᠯᠵᠡᠢ᠃ 1977 — 1986 ᠣᠨ ᠤ ᠬᠤᠭᠤᠷᠣᠨᠳᠤ ᠲᠡᠷᠡ ᠥᠪᠡᠷ ᠤᠨ ᠤᠳᠠᠭᠠᠨ ᠵᠢᠯ ᠤᠨ ᠲᠤᠷᠰᠢᠯᠭ᠎ᠠ ᠪᠠᠨ ᠡᠮᠬᠢᠳᠬᠡᠵᠦ᠂ ︽ | ᠡᠮᠴᠢᠯᠡᠭᠡ ᠶᠢᠨ ᠣᠪᠠᠳᠢᠰᠲᠤ ᠠᠷᠭ᠎ᠠ ᠶᠢᠨ ᠲᠣᠪᠴᠢ ᠴᠢᠬᠤᠯᠠ ᠲᠡᠮᠳᠡᠭᠯᠡᠯ︾᠂ ︽ᠣᠨᠣᠰᠢᠯᠠᠬᠤ ᠵᠠᠩᠭᠢᠯᠠᠭ᠎ᠠ︾᠂ ︽ᠲᠥᠪᠠᠳ ᠮᠣᠩᠭᠤᠯ ᠡᠮ ᠤᠨ ᠨᠡᠷᠡᠰ︾ ᠵᠡᠷᠭᠡ | 7.7 ᠲᠦᠮᠡᠨ ᠦᠰᠦᠭ ᠲᠠᠢ ᠵᠣᠬᠢᠶᠠᠯ ᠪᠢᠴᠢᠭᠰᠡᠨ ᠪᠥᠭᠡᠳ ᠲᠡᠭᠦᠨ ᠤ ᠬᠠᠪᠰᠤᠷᠤᠭᠴᠢ ᠪᠠᠷ ᠢᠶᠠᠨ ᠥᠪᠡᠷ ᠤᠨ ᠡᠮᠴᠢᠯᠡᠭᠰᠡᠨ ᠲᠤᠷᠰᠢᠯᠭ᠎ᠠ ᠪᠠᠨ ᠡᠮᠬᠢᠳᠬᠡᠭᠦᠯᠦᠭᠰᠡᠨ | ᠪᠠᠶᠢᠨ᠎ᠠ᠃ | ᠠᠭᠸᠠᠩᠳᠤᠩᠮᠢᠳ ᠶᠡᠭᠡ ᠵᠣᠣ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠵᠢᠷᠭᠤᠭ᠎ᠠ ᠳᠣᠯᠣᠳᠤᠭᠠᠷ ᠬᠤᠭᠤᠴᠠᠭᠠᠨ ᠤ ᠭᠡᠰᠢᠭᠦᠨ︔ ᠣᠲᠤᠭ | ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠥᠷᠪᠡ ᠲᠠᠪᠤᠳᠤᠭᠠᠷ ᠬᠤᠭᠤᠴᠠᠭᠠᠨ ᠤ ᠭᠡᠰᠢᠭᠦᠨ︔ ᠥᠪᠥᠷ ᠮᠣᠩᠭᠤᠯ ᠤᠨ ᠮᠣᠩᠭᠤᠯ ᠡᠮ ᠡᠮᠨᠡᠯᠭᠡ ᠶᠢᠨ | ᠡᠷᠳᠡᠮ ᠰᠢᠨᠵᠢᠯᠡᠭᠡᠨ ᠤ ᠡᠪᠯᠡᠯ ᠤᠨ ᠶᠡᠭᠡ ᠵᠣᠣ ᠠᠶᠢᠮᠠᠭ ᠤᠨ ᠬᠤᠪᠢᠶᠠᠷᠢ ᠡᠪᠯᠡᠯ ᠤᠨ ᠨᠢᠭᠡ ᠬᠤᠶᠠᠷ ᠭᠤᠷᠪᠠ ᠳᠥᠷᠪᠡᠳᠦᠭᠡᠷ ᠬᠤᠭᠤᠴᠠᠭᠠᠨ ᠤ ᠬᠡᠷᠡᠭ ᠡᠷᠬᠢᠯᠡᠬᠦ | ᠵᠥᠪᠯᠡᠯ ᠤᠨ ᠳᠡᠳ᠋ ᠬᠡᠷᠡᠭ ᠡᠷᠬᠢᠯᠡᠭᠴᠢ︔ ᠮᠣᠩᠭᠤᠯ ᠡᠮ ᠡᠮᠨᠡᠯᠭᠡ ᠶᠢᠨ ᠡᠷᠳᠡᠮ ᠰᠢᠨᠵᠢᠯᠡᠭᠡᠨ ᠤ ᠡᠪᠯᠡᠯ ᠤᠨ ᠣᠲᠤᠭ ᠬᠤᠰᠢᠭᠤᠨ ᠤ ᠰᠠᠯᠪᠤᠷᠢ ᠡᠪᠯᠡᠯ ᠤᠨ ᠨᠢᠭᠡ | ᠬᠤᠶᠠᠷ ᠭᠤᠷᠪᠠ ᠳᠥᠷᠪᠡ ᠲᠠᠪᠤᠳᠤᠭᠠᠷ ᠬᠤᠭᠤᠴᠠᠭᠠᠨ ᠤ ᠬᠡᠷᠡᠭ ᠡᠷᠬᠢᠯᠡᠬᠦ ᠵᠥᠪᠯᠡᠯ ᠤᠨ ᠳᠡᠳ᠋ ᠬᠡᠷᠡᠭ ᠡᠷᠬᠢᠯᠡᠭᠴᠢ ᠪᠣᠯᠵᠦ ᠥᠩᠭᠡᠷᠡᠪᠡ᠃ 1989 ᠣᠨ ᠤ 10 | ᠳ᠋ᠤᠭᠠᠷ ᠰᠠᠷ᠎ᠠ ᠶᠢᠨ 20 ᠤ ᠡᠳᠦᠷ ᠤᠯᠠᠭᠠᠨᠪᠠᠯᠭᠠᠰᠤᠨ ᠳᠤ ᠨᠠᠰᠤ ᠪᠠᠷᠠᠵᠠᠢ᠃ | ︽ᠣᠲᠤᠭ ᠬᠤᠰᠢᠭᠤᠨ ᠤ ᠣᠶᠢᠯᠠᠯᠭ᠎ᠠ︾ ︽ᠣᠲᠤᠭ ᠬᠤᠰᠢᠭᠤᠨ ᠤ ᠣᠶᠢᠯᠠᠯᠭ᠎ᠠ︾ ᠨᠠᠶᠢᠷᠠᠭᠤᠯᠬᠤ ᠺᠣᠮᠢᠰ ᠨᠠᠶᠢᠷᠠᠭᠤᠯᠪᠠ | | |