ᠴᠢ ᠫᠠᠨ ᠵᠢᠩ ᠪᠠᠯᠭᠠᠰᠤᠨ ᠤ ᠵᠢᠩ ᠠᠨ ᠨᠡᠶᠢᠭᠡᠮ ᠲᠣᠭᠤᠷᠢᠭ ︽ᠦᠨᠳᠦᠰᠦᠨ ᠱᠠᠲᠤᠨ ᠤ ᠵᠥᠪᠯᠡᠯᠭᠡ ᠶᠢ ᠰᠠᠭᠤᠭᠠᠯᠢ ᠲᠣᠭᠤᠷᠢᠭ ᠲᠤ ᠭᠦᠨᠵᠡᠭᠡᠶᠢᠷᠡᠭᠦᠯᠵᠦ  ᠠᠷᠠᠳ ᠤᠨ ᠰᠠᠨᠠᠭᠠᠨ ᠳᠤ ᠨᠡᠶᠢᠴᠡᠭᠦᠯᠦᠨ ᠠᠷᠠᠳ ᠤᠨ ᠰᠡᠳᠬᠢᠯ ᠢ ᠳᠤᠯᠠᠭᠠᠴᠠᠭᠤᠯᠬᠤ︾ ᠦᠨᠳᠦᠰᠦᠨ ᠱᠠᠲᠤᠨ ᠤ ᠤᠴᠢᠷ ᠵᠥᠪᠯᠡᠬᠦ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/11
      ᠬᠠᠷᠢᠶ᠎ᠠ ᠣᠷᠣᠨ ᠤ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠨᠠᠩ ᠪᠠᠶᠠᠯᠢᠭᠵᠢᠭᠤᠯᠵᠤ᠂ ᠰᠠᠭᠤᠭᠠᠯᠢ ᠠᠷᠠᠳ ᠤᠨ ᠰᠣᠶᠣᠯ ᠵᠤᠭ᠎ᠠ ᠴᠡᠩᠭᠡᠯ ᠤᠨ ᠬᠡᠷᠡᠭᠴᠡᠭᠡ ᠶᠢ ᠬᠠᠩᠭᠠᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ ᠵᠢᠩ ᠠᠨ ᠨᠡᠶᠢᠭᠡᠮ ᠲᠣᠭᠤᠷᠢᠭ ᠤᠨ  ᠬᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠥᠮᠴᠢᠲᠡᠨ ᠤ ᠵᠥᠪᠯᠡᠯ᠂ ᠠᠳᠠᠯ ᠠᠬᠤᠢ ᠶᠢᠨ ᠺᠣᠮᠫᠠᠨᠢ᠂ ᠨᠡᠭᠡᠭᠡᠨ ᠬᠥᠭᠵᠢᠭᠦᠯᠬᠦ ᠬᠤᠳᠠᠯᠳᠤᠭᠠᠴᠢᠨ ᠤ ᠲᠥᠯᠥᠭᠡᠯᠡᠭᠴᠢ᠂ ᠨᠡᠶᠢᠭᠡᠮ ᠲᠣᠭᠤᠷᠢᠭ ᠤᠨ ᠠᠵᠢᠯᠲᠠᠨ ᠵᠡᠷᠭᠡ 9 ᠬᠥᠮᠥᠨ ᠢ ᠴᠤᠭᠯᠠᠭᠤᠯᠵᠤ᠂ ᠷᠦᠢ ᠴᠢᠩ ᠶᠤᠸᠠᠨ ᠰᠠᠭᠤᠭᠠᠯᠢ ᠲᠣᠭᠤᠷᠢᠭ ᠤᠨ ᠰᠠᠭᠤᠭᠠᠯᠢ ᠠᠷᠠᠳ ᠤᠨ ᠬᠥᠳᠡᠯᠭᠡᠭᠡᠨ ᠤ ᠲᠠᠰᠤᠭ ᠢ ᠰᠡᠯᠪᠢᠨ ᠵᠠᠰᠠᠬᠤ ᠲᠤᠬᠠᠢ ᠵᠥᠪᠳᠡᠯᠴᠡᠪᠡ᠃      ᠬᠤᠷᠠᠯ ᠳᠡᠭᠡᠷ᠎ᠡ ᠷᠦᠢ ᠴᠢᠩ ᠶᠤᠸᠠᠨ ᠰᠠᠭᠤᠭᠠᠯᠢ ᠲᠣᠭᠤᠷᠢᠭ ᠤᠨ ᠳᠤᠯᠠᠭᠠᠯᠠᠭ᠎ᠠ ᠬᠠᠩᠭᠠᠬᠤ᠂ ᠭᠡᠷ ᠪᠠᠶᠢᠰᠢᠩ ᠢ ᠰᠢᠨᠡᠳᠬᠡᠨ ᠵᠠᠰᠠᠬᠤ᠂ ᠬᠢᠨᠠᠨ ᠡᠵᠡᠮᠳᠡᠬᠦ ᠲᠥᠬᠦᠭᠡᠷᠦᠮᠵᠢ ᠤᠭᠰᠠᠷᠠᠬᠤ ᠵᠡᠷᠭᠡ ᠠᠰᠠᠭᠤᠳᠠᠯ ᠢ ᠶᠠᠷᠢᠯᠴᠠᠵᠤ᠂ ᠬᠡᠷᠡᠭᠵᠢᠭᠦᠯᠬᠦ ᠲᠥᠰᠥᠯ ᠢ ᠲᠣᠭᠲᠠᠭᠠᠭᠰᠠᠨ ᠪᠥᠭᠡᠳ ᠬᠠᠮᠲᠤ ᠶᠢᠨ ᠲᠠᠨᠢᠯᠲᠠ ᠲᠠᠢ ᠪᠣᠯᠣᠨ᠂ ᠰᠠᠭᠤᠭᠠᠯᠢ ᠠᠷᠠᠳ ᠤᠨ ᠲᠣᠭᠤᠷᠢᠭ ᠲᠤ ᠰᠤᠯᠠ ᠲᠠᠯᠪᠢᠵᠤ ᠪᠠᠶᠢᠭ᠎ᠠ ᠨᠢᠭᠡ ᠪᠠᠶᠢᠰᠢᠩ ᠢ ᠰᠠᠭᠤᠭᠠᠯᠢ ᠠᠷᠠᠳ ᠤᠨ ᠬᠥᠳᠡᠯᠭᠡᠭᠡᠨ ᠤ ᠲᠠᠰᠤᠭ ᠪᠣᠯᠭᠠᠨ ᠥᠭᠡᠷᠡᠴᠢᠯᠡᠵᠦ᠂ ᠨᠡᠶᠢᠭᠡᠮ ᠲᠣᠭᠤᠷᠢᠭ ᠠᠴᠠ ᠪᠡᠯᠡ ᠮᠥᠩᠭᠦ ᠭᠠᠷᠭᠠᠵᠤ ᠵᠠᠰᠠᠨ᠂ ᠠᠳᠠᠯ ᠠᠬᠤᠢ ᠶᠢᠨ ᠺᠣᠮᠫᠠᠨᠢ ᠠᠴᠠ ᠬᠥᠳᠡᠯᠭᠡᠭᠡᠨ ᠤ ᠲᠠᠰᠤᠭ ᠤᠨ ᠤᠰᠤ ᠴᠠᠬᠢᠯᠭᠠᠨ ᠤ ᠵᠠᠷᠤᠳᠠᠯ ᠢ ᠳᠠᠭᠠᠭᠠᠵᠤ᠂ ᠥᠮᠴᠢᠲᠡᠨ ᠤ ᠵᠥᠪᠯᠡᠯ᠂ ᠠᠳᠠᠯ ᠠᠬᠤᠢ ᠶᠢᠨ ᠺᠣᠮᠫᠠᠨᠢ ᠵᠢᠴᠢ ᠬᠡᠰᠡᠭ ᠨᠠᠰᠤᠲᠠᠶᠢᠴᠤᠳ ᠤᠨ ᠲᠥᠯᠥᠭᠡᠯᠡᠭᠴᠢ ᠬᠠᠮᠲᠤ ᠪᠠᠷ ᠰᠡᠭᠦᠯᠴᠢ ᠶᠢᠨ ᠬᠤᠭᠤᠴᠠᠭᠠᠨ ᠤ ᠬᠠᠮᠢᠶᠠᠷᠤᠯᠲᠠ ᠳᠤ ᠣᠷᠣᠯᠴᠠᠬᠤ ᠪᠠᠷ ᠲᠣᠭᠲᠠᠪᠠ᠃      ᠳᠠᠷᠠᠭᠠᠴᠢ ᠶᠢᠨ ᠠᠯᠬᠤᠮ ᠳᠤ᠂ ᠴᠢ ᠫᠠᠨ ᠵᠢᠩ ᠪᠠᠯᠭᠠᠰᠤ ᠶᠢᠨ ᠵᠢᠩ ᠠᠨ ᠨᠡᠶᠢᠭᠡᠮ ᠲᠣᠭᠤᠷᠢᠭ ᠦᠨᠳᠦᠰᠦᠨ ᠱᠠᠲᠤᠨ ᠤ ᠤᠴᠢᠷ ᠵᠥᠪᠯᠡᠬᠦ ᠲᠠᠪᠴᠠᠩ ᠤᠨ ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠡᠯ᠎ᠡ ᠲᠠᠯ᠎ᠠ ᠶᠢᠨ ᠬᠦᠴᠦᠨ ᠤ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠢ ᠳᠠᠶᠢᠴᠢᠯᠠᠨ᠂ ᠠᠷᠠᠳ ᠲᠤ ᠪᠣᠳᠠᠲᠠᠢ ᠰᠠᠶᠢᠨ ᠶᠠᠪᠤᠳᠠᠯ ᠬᠢᠬᠦ ᠶᠢ ᠪᠠᠷᠢᠮᠲᠠᠯᠠᠵᠤ᠂ ᠵᠣᠯ  ᠵᠢᠷᠭᠠᠯᠲᠠᠢ ᠠᠷᠠᠳᠴᠢᠯᠠᠯ ᠲᠠᠢ ᠪᠣᠯᠪᠠᠰᠤᠨ ᠰᠠᠶᠢᠬᠠᠨ ᠡᠶ᠎ᠡ ᠵᠣᠬᠢᠴᠠᠩᠭᠤᠢ ᠨᠡᠶᠢᠭᠡᠮ ᠲᠣᠭᠤᠷᠢᠭ ᠢ ᠴᠢᠷᠮᠠᠶᠢᠨ ᠪᠠᠶᠢᠭᠤᠯᠤᠨ᠎ᠠ᠃   
ᠢᠷᠡᠯᠲᠡ᠄ ᠴᠢ ᠫᠠᠨ ᠵᠢᠩ ᠪᠠᠯᠭᠠᠰᠤ