ᠤᠯᠠᠭᠠᠨᠪᠠᠯᠭᠠᠰᠤᠨ ᠤ ᠲᠣᠰᠣᠲᠤ ᠨᠡᠶᠢᠭᠡᠮ ᠲᠣᠭᠤᠷᠢᠭ ᠬᠠᠷᠢᠶ᠎ᠠ ᠣᠷᠣᠨ ᠤ ᠪᠠᠨ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠤᠴᠢᠷ ᠶᠠᠪᠤᠳᠠᠯ ᠢ ᠠᠷᠠᠳᠴᠢᠯᠠᠯ ᠢᠶᠠᠷ ᠵᠥᠪᠯᠡᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/4/11
      ᠥᠪᠡᠷᠲᠡᠭᠡᠨ ᠵᠠᠰᠠᠬᠤ ᠣᠷᠣᠨ ᠤ ︽ᠳᠤᠯᠠᠭᠠᠯᠠᠭ᠎ᠠ ᠶᠢᠨ ᠢᠨᠵᠧᠨᠧᠷᠢᠩ︾ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠣᠳᠣᠬᠠᠨ ᠤ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠳᠤᠯᠠᠭᠠᠯᠭ᠎ᠠ ᠶᠢᠨ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠂ ᠤᠯᠠᠨ ᠲᠦᠮᠡᠨ ᠤ ᠳᠤᠯᠠᠭᠠᠨ ᠡᠪᠦᠯᠵᠢᠬᠦ ᠶᠢ ᠪᠠᠲᠤᠯᠠᠵᠤ᠂ ᠨᠡᠶᠢᠭᠡᠮ ᠲᠣᠭᠤᠷᠢᠭ ᠤᠨ ᠥᠪᠡᠷᠲᠡᠭᠡᠨ ᠵᠠᠰᠠᠬᠤ᠂ ᠠᠷᠠᠳᠴᠢᠯᠠᠯ ᠢᠶᠠᠷ ᠵᠥᠪᠯᠡᠬᠦ ᠦᠢᠯᠡᠳᠦᠯ ᠢ ᠭᠦᠢᠴᠡᠳ ᠪᠠᠳᠠᠷᠠᠭᠤᠯᠤᠨ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠣᠷᠣᠯᠴᠠᠬᠤ ᠲᠥᠷᠥᠭᠳᠡᠯ ᠪᠠ ᠬᠠᠷᠢᠶᠠᠯᠠᠭᠳᠠᠬᠤ ᠲᠥᠷᠥᠭᠳᠡᠯ ᠢ ᠳᠡᠭᠡᠭᠰᠢᠯᠡᠭᠦᠯᠬᠦ ᠪᠠᠷ ᠣᠶᠢᠷ᠎ᠠ ᠶᠢᠨ ᠡᠳᠦᠷ᠂ ᠤᠯᠠᠭᠠᠨᠪᠠᠯᠭᠠᠰᠤ ᠶᠢᠨ ᠲᠣᠰᠣᠲᠤ ᠨᠡᠶᠢᠭᠡᠮ ᠲᠣᠭᠤᠷᠢᠭ ᠤᠨ ᠬᠢᠨ ᠲᠤᠰ ᠲᠤᠰ ᠲᠠᠢ ᠰᠢᠶᠠᠩ ᠵᠢᠶᠠ ᠶᠤᠸᠠᠨ ᠰᠠᠭᠤᠭᠠᠯᠢ ᠲᠣᠭᠤᠷᠢᠭ᠂ ᠭᠦᠸᠧ ᠶᠤᠸᠠᠨ ᠰᠠᠭᠤᠭᠠᠯᠢ ᠲᠣᠭᠤᠷᠢᠭ᠂ ᠺᠠᠢ ᠷᠦᠩ ᠰᠠᠭᠤᠭᠠᠯᠢ ᠲᠣᠭᠤᠷᠢᠭ ᠯᠤᠭ᠎ᠠ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠤᠴᠢᠷ ᠵᠥᠪᠯᠡᠬᠦ ᠬᠤᠷᠠᠯ ᠢ ᠬᠤᠷᠠᠯᠳᠤᠭᠤᠯᠪᠠ᠃ ᠬᠤᠰᠢᠭᠤᠨ ᠤ ᠭᠡᠷ ᠪᠠᠶᠢᠰᠢᠩ ᠤᠨ ᠬᠠᠮᠢᠶᠠᠷᠤᠯᠲᠠ ᠶᠢᠨ ᠲᠥᠪ᠂ ᠨᠡᠶᠢᠭᠡᠮ ᠲᠣᠭᠤᠷᠢᠭ᠂ ᠥᠮᠴᠢᠲᠡᠨ ᠤ ᠵᠥᠪᠯᠡᠯ᠂ ᠥᠮᠴᠢᠲᠡᠨ ᠤ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠵᠢᠴᠢ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠠᠰᠠᠭᠤᠳᠠᠯ ᠳᠤ ᠠᠩᠬᠠᠷᠤᠯ ᠲᠠᠯᠪᠢᠵᠤ ᠪᠠᠶᠢᠭ᠎ᠠ ᠠᠵᠢᠯᠲᠠᠨ ᠵᠢᠴᠢ ᠥᠮᠴᠢᠲᠡᠨ ᠵᠡᠷᠭᠡ 40 ᠭᠠᠷᠤᠢ ᠬᠥᠮᠥᠨ ᠵᠥᠪᠯᠡᠯᠭᠡ ᠳᠤ ᠣᠷᠣᠯᠴᠠᠪᠠ᠃ ᠬᠤᠷᠠᠯ ᠳᠡᠭᠡᠷ᠎ᠡ᠂ ᠡᠯ᠎ᠡ ᠲᠠᠯ᠎ᠠ ᠶᠢᠨ ᠲᠥᠯᠥᠭᠡᠯᠡᠭᠴᠢᠳ ᠤᠴᠢᠷ ᠢᠶᠠᠨ ᠲᠡᠰ ᠳᠠᠷᠠᠭ᠎ᠠ ᠲᠠᠢ ᠶᠠᠷᠢᠵᠦ᠂ ᠰᠠᠭᠤᠭᠠᠯᠢ ᠠᠷᠠᠳ ᠠᠰᠠᠭᠤᠳᠠᠯ ᠢᠶᠠᠨ ᠳᠤᠷᠠᠳᠤᠨ᠂ ᠰᠠᠯᠠᠭ᠎ᠠ ᠮᠥᠴᠢᠷ ᠤᠨ ᠬᠢᠨ ᠬᠠᠷᠢᠭᠤᠯᠲᠠ ᠬᠢᠵᠦ᠂ ᠤᠴᠢᠷ ᠶᠠᠪᠤᠳᠠᠯ ᠢ ᠬᠠᠮᠲᠤ ᠪᠠᠷ ᠨᠢᠭᠤᠷᠳᠠᠨ ᠶᠠᠷᠢᠯᠴᠠᠪᠠ᠃      ᠤᠯᠠᠨ ᠲᠠᠯ᠎ᠠ ᠪᠠᠷ ᠢᠶᠠᠨ ᠵᠥᠪᠳᠡᠯᠴᠡᠵᠦ᠂ ᠪᠢᠯᠧᠲ ᠥᠭᠴᠦ ᠪᠠᠲᠤᠯᠠᠭᠰᠠᠨ ᠤ ᠳᠠᠷᠠᠭ᠎ᠠ ᠳᠣᠣᠷᠠᠬᠢ ᠮᠡᠲᠦ ᠲᠣᠭᠲᠠᠭᠠᠯ ᠭᠠᠷᠭᠠᠪᠠ᠄      ⒈ ᠭᠡᠷ ᠪᠠᠶᠢᠰᠢᠩ ᠤᠨ ᠬᠠᠮᠢᠶᠠᠷᠤᠯᠲᠠ ᠶᠢᠨ ᠲᠥᠪ ᠠᠴᠠ ᠰᠠᠭᠤᠭᠠᠯᠢ ᠲᠣᠭᠤᠷᠢᠭ ᠤᠨ ᠭᠤᠣᠯ ᠬᠤᠭᠤᠯᠠᠢ ᠶᠢ ᠥᠭᠡᠷᠡᠴᠢᠯᠡᠵᠦ ᠨᠡᠭᠡᠯᠡᠭᠡᠢ ᠶᠢ ᠨᠢ ᠰᠣᠯᠢᠵᠤ ᠥᠭᠭᠦᠨ᠎ᠡ︔      ⒉ ᠰᠠᠭᠤᠭᠠᠯᠢ ᠲᠣᠭᠤᠷᠢᠭ ᠤᠨ ᠥᠮᠴᠢᠲᠡᠨ ᠤ ᠲᠥᠯᠥᠭᠡᠯᠡᠭᠴᠢ᠂ ᠨᠡᠶᠢᠭᠡᠮ ᠲᠣᠭᠤᠷᠢᠭ ᠤᠨ ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ᠂ ᠥᠮᠴᠢᠲᠡᠨ ᠤ ᠵᠥᠪᠯᠡᠯ ᠤᠨ ᠪᠦᠷᠢᠯᠳᠦᠭᠦᠨ᠂ ᠠᠳᠠᠯ ᠠᠬᠤᠢ ᠶᠢᠨ ᠺᠣᠮᠫᠠᠨᠢ ᠬᠠᠮᠲᠤ ᠪᠠᠷ ︽ᠶᠠᠰᠤ ᠴᠢᠨᠠᠷ ᠲᠤ ᠬᠢᠨᠠᠯᠲᠠ ᠲᠠᠯᠪᠢᠬᠤ ᠠᠩᠭᠢ︾ ᠶᠢ ᠪᠠᠶᠢᠭᠤᠯᠵᠤ᠂ ᠠᠵᠢᠯ ᠤᠨ ᠶᠠᠰᠤ ᠴᠢᠨᠠᠷ ᠲᠤ ᠬᠢᠨᠠᠯᠲᠠ ᠲᠠᠯᠪᠢᠨ᠂ ᠳᠤᠯᠠᠭᠠᠯᠠᠭ᠎ᠠ ᠬᠠᠩᠭᠠᠬᠤ ᠬᠤᠭᠤᠯᠠᠢ ᠶᠢᠨ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠬᠦ ᠪᠠᠷ ᠴᠢᠷᠮᠠᠶᠢᠵᠤ᠂ ᠳᠤᠯᠠᠭᠠᠯᠠᠭ᠎ᠠ ᠬᠠᠩᠭᠠᠬᠤ ᠬᠤᠭᠤᠴᠠᠭᠠᠨ ᠳᠤ ᠰᠠᠭᠤᠭᠠᠯᠢ ᠠᠷᠠᠳ ᠲᠤ ᠬᠡᠪ ᠤᠨ ᠶᠣᠰᠣᠭᠠᠷ ᠳᠤᠯᠠᠭᠠᠯᠠᠭ᠎ᠠ ᠬᠠᠩᠭᠠᠬᠤ ᠶᠢ ᠦᠨᠡᠨᠬᠦ ᠪᠠᠲᠤᠯᠠᠨ᠎ᠠ᠃      ᠳᠠᠷᠠᠭᠠᠴᠢ ᠶᠢᠨ ᠠᠯᠬᠤᠮ ᠳᠤ᠂ ᠲᠣᠰᠣᠲᠤ ᠨᠡᠶᠢᠭᠡᠮ ᠲᠣᠭᠤᠷᠢᠭ ᠤᠴᠢᠷ ᠵᠥᠪᠯᠡᠬᠦ ᠲᠠᠪᠴᠠᠩ ᠢ ᠦᠷᠭᠦᠯᠵᠢᠯᠡᠨ ᠠᠰᠢᠭᠯᠠᠵᠤ᠂ ᠦᠨᠳᠦᠰᠦᠨ ᠱᠠᠲᠤᠨ ᠤ ᠠᠷᠠᠳᠴᠢᠯᠠᠯ ᠢᠶᠠᠷ ᠵᠥᠪᠯᠡᠬᠦ ᠦᠢᠯᠡᠳᠦᠯ ᠢ ᠪᠠᠳᠠᠷᠠᠭᠤᠯᠤᠨ᠂ ᠲᠦᠷᠦ ᠶᠢᠨ ᠪᠣᠳᠣᠯᠭ᠎ᠠ ᠶᠢᠨ ᠲᠠᠯ᠎ᠠ ᠪᠠᠷ ᠬᠢ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠬᠤ᠂ ᠠᠷᠠᠳ ᠤᠯᠠᠨ ᠤ ᠤᠷᠮ᠎ᠠ ᠰᠡᠳᠬᠢᠯᠭᠡ ᠶᠢ ᠬᠥᠭᠵᠢᠭᠡᠬᠦ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠬᠦ ᠵᠡᠷᠭᠡ ᠠᠵᠢᠯ ᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠪᠠᠴᠢᠮᠳᠠᠵᠤ ᠬᠦᠴᠢᠷᠳᠡᠵᠦ ᠰᠠᠨᠠᠭᠠᠰᠢᠷᠠᠵᠤ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠨ᠂ ᠠᠷᠠᠳ ᠤᠨ ᠲᠥᠯᠥᠭᠡ ᠵᠥᠪᠯᠡᠬᠦ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠡᠵᠡᠨ ᠬᠥᠮᠥᠨ ᠤ ᠤᠬᠠᠮᠰᠠᠷ ᠢ ᠬᠥᠮᠥᠵᠢᠭᠦᠯᠦᠨ᠂ ᠬᠠᠮᠲᠤ ᠪᠠᠷ ᠪᠠᠶᠢᠭᠤᠯᠵᠤ ᠬᠠᠮᠲᠤ ᠪᠠᠷ ᠵᠠᠰᠠᠨ ᠬᠠᠮᠲᠤ ᠪᠠᠷ ᠡᠳ᠋ᠯᠡᠬᠦ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠪᠠᠶᠢᠷᠢᠰᠢᠯ ᠢ ᠪᠤᠢ ᠪᠣᠯᠭᠠᠨ᠎ᠠ᠃ 
ᠢᠷᠡᠯᠲᠡ᠄ ᠤᠯᠠᠭᠠᠨᠪᠠᠯᠭᠠᠰᠤ