ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠶᠡᠷᠦᠩᠬᠡᠢ ᠱᠦᠵᠢ ᠰᠢ ᠶᠢᠨ ᠫᠢᠡᠭ ᠤᠨ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠵᠤ᠂ ︽ᠨᠠᠮ ᠤᠨ ᠠᠴᠢ ᠳᠤ ᠲᠠᠯᠠᠷᠬᠠᠨ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠪᠠᠷ ᠣᠶᠢᠷ᠎ᠠ ᠳᠤ ᠺᠠᠩ ᠨᠢᠩ ᠨᠡᠶᠢᠭᠡᠮ ᠲᠣᠭᠤᠷᠢᠭ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠭᠤᠣᠯ ᠰᠡᠳᠦᠪᠲᠦ ᠰᠢᠷᠢᠰ ᠠᠵᠢᠯᠯᠠᠭ᠎ᠠ ᠥᠷᠨᠢᠭᠦᠯᠪᠡ᠃ | ᠭᠤᠣᠯ ᠰᠡᠳᠦᠪᠲᠦ ᠲᠠᠶᠢᠯᠤᠮᠵᠢ ᠪᠠᠷ ᠢᠲᠡᠭᠡᠯ ᠵᠣᠷᠢᠭ ᠢ ᠬᠥᠪᠴᠢᠯᠡᠪᠡ | 4 ᠳ᠋ᠦ᠋ᠭᠡᠷ ᠰᠠᠷ᠎ᠠ ᠶᠢᠨ 8 ᠤ ᠡᠳᠦᠷ᠂ ᠺᠠᠩ ᠨᠢᠩ ᠨᠡᠶᠢᠭᠡᠮ ᠲᠣᠭᠤᠷᠢᠭ ᠤᠨ ᠬᠢᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ | ᠲᠡᠷᠢᠭᠦᠯᠡᠭᠴᠢ ᠰᠠᠷᠠᠨ᠎ᠠ ᠶᠢ ᠣᠨᠴᠠᠭᠠᠶᠢᠯᠠᠨ ᠤᠷᠢᠵᠤ ᠬᠠᠷᠢᠶ᠎ᠠ ᠣᠷᠣᠨ ᠤ ᠨᠠᠮ ᠤᠨ ᠭᠡᠰᠢᠭᠦᠨ ᠪᠠ ᠰᠠᠭᠤᠭᠠᠯᠢ ᠠᠷᠠᠳ ᠲᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠣᠨᠣᠯ ᠤᠨ ᠲᠤᠬᠠᠢ ᠬᠢᠴᠢᠶᠡᠯ ᠣᠷᠣᠭᠤᠯᠪᠠ᠃ ᠰᠠᠷᠠᠨ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ︽ᠵᠢᠷᠭᠤᠭᠠᠨ ᠥᠭᠦᠯᠡᠪᠦᠷᠢ ᠶᠢᠨ ᠪᠣᠳᠠᠲᠤ ᠶᠠᠪᠤᠳᠠᠯ ᠪᠠ ᠶᠣᠰᠣ ᠤᠴᠢᠷ︾ ᠢ ᠰᠤᠷᠤᠯᠴᠠᠨ ᠣᠶᠢᠯᠠᠭᠠᠬᠤ | ᠲᠣᠭᠤᠷᠢᠨ ᠳᠤ᠂ ᠨᠠᠷᠢᠨ ᠪᠣᠳᠠᠲᠠᠢ ᠲᠡᠦᠬᠡ ᠶᠢᠨ ᠮᠠᠲ᠋ᠧᠷᠢᠶᠠᠯ ᠪᠠ ᠪᠣᠳᠠᠲᠤ ᠵᠢᠱᠢᠶ᠎ᠡ ᠪᠠᠷ ᠥᠪᠥᠷ ᠮᠣᠩᠭᠤᠯ ᠤᠨ ᠬᠥᠭᠵᠢᠯᠲᠡ ᠶᠢᠨ ᠶᠠᠪᠤᠴᠠ ᠶᠢ ᠰᠢᠰᠲ᠋ᠧᠮ ᠲᠠᠢ | ᠲᠠᠶᠢᠯᠪᠤᠷᠢᠯᠠᠵᠦ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ | ᠥᠷᠨᠢᠭᠦᠯᠦᠭᠰᠡᠨ ᠲᠡᠮᠡᠴᠡᠯ ᠤᠨ ᠲᠡᠦᠬᠡ᠂ ᠤᠨᠤᠯ ᠤᠨ ᠰᠦᠪᠡᠭᠴᠢᠯᠡᠯᠲᠡ ᠶᠢᠨ ᠲᠡᠦᠬᠡ᠂ ᠠᠷᠠᠳ ᠲᠦᠮᠡᠨ ᠳᠤ ᠪᠤᠶᠠᠨ ᠦᠢᠯᠡᠳᠦᠭᠰᠡᠨ ᠲᠡᠦᠬᠡ ᠪᠠ ᠨᠠᠮ ᠤᠨ ᠲᠤᠰ | ᠪᠡᠶ᠎ᠡ ᠶᠢᠨ ᠪᠠᠶᠢᠭᠤᠯᠤᠯᠲᠠ ᠶᠢᠨ ᠲᠡᠦᠬᠡ ᠶᠢ ᠲᠣᠭᠠᠴᠢᠨ ᠥᠭᠦᠯᠡᠪᠡ᠃ ᠲᠤᠰ ᠤᠳᠠᠭᠠᠨ ᠤ ᠤᠬᠠᠭᠤᠯᠭ᠎ᠠ ᠲᠠᠶᠢᠯᠤᠮᠵᠢ ᠪᠠᠷ ᠳᠠᠮᠵᠢᠭᠠᠳ᠂ ᠨᠡᠶᠢᠭᠡᠮ ᠲᠣᠭᠤᠷᠢᠭ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠦᠯᠬᠦᠮᠳᠡᠨ ᠲᠠᠪᠰᠢᠬᠤ ᠬᠠᠮᠲᠤ ᠶᠢᠨ ᠴᠣᠭᠴᠠ ᠶᠢᠨ ᠤᠬᠠᠮᠰᠠᠷ ᠢ ᠴᠢᠨᠠᠭᠰᠢᠳᠠ ᠴᠢᠩᠭᠠᠳᠬᠠᠵᠤ᠂ ᠨᠡᠩ ᠤᠯᠠᠨ | ᠪᠦᠯᠬᠦᠮᠳᠡᠨ ᠲᠠᠪᠰᠢᠬᠤ ᠬᠦᠴᠦᠨ ᠢ ᠨᠢᠭᠲᠠᠷᠠᠭᠤᠯᠤᠨ᠂ ᠦᠨᠳᠦᠰᠦᠲᠡᠨ ᠨᠦᠭᠦᠳ ᠤᠨ ᠬᠠᠷᠢᠯᠴᠠᠨ ᠬᠠᠶᠢᠷᠠᠯᠠᠯᠴᠠᠵᠤ ᠨᠢᠭᠡ ᠭᠡᠷ ᠤᠨ ᠬᠥᠮᠥᠨ ᠮᠡᠲᠦ ᠲᠣᠳᠣᠨᠤᠰᠤᠭ | ᠪᠠᠶᠢᠯᠴᠠᠬᠤ ᠣᠷᠴᠢᠨ ᠠᠬᠤᠢ ᠶᠢ ᠪᠤᠢ ᠪᠣᠯᠭᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠢ ᠦᠨᠳᠦᠰᠦᠲᠡᠨ ᠤ ᠪᠦᠯᠬᠦᠮᠳᠡᠯ ᠤᠨ ᠲᠤᠬᠠᠢ ᠨᠡᠩ ᠭᠦᠨᠵᠡᠭᠡᠢ ᠲᠠᠨᠢᠯᠲᠠ | ᠪᠠ ᠣᠶᠢᠯᠠᠭᠠᠯᠲᠠ ᠲᠠᠢ ᠪᠣᠯᠭᠠᠪᠠ᠃ | ᠤᠳᠬ᠎ᠠ ᠤᠷᠠᠯᠢᠭ ᠤᠨ ᠠᠵᠢᠯᠯᠠᠭ᠎ᠠ ᠪᠠᠷ ᠤᠷᠮ᠎ᠠ ᠰᠡᠳᠬᠢᠯᠭᠡ ᠶᠢ ᠬᠥᠭᠵᠢᠭᠡᠪᠡ | ᠨᠡᠶᠢᠭᠡᠮ ᠲᠣᠭᠤᠷᠢᠭ ᠤᠨ ᠨᠢᠭᠡᠳᠦᠮᠡᠯ ᠹᠷᠣᠨᠲ ᠤᠨ ᠬᠥᠳᠡᠯᠭᠡᠭᠡᠨ ᠤ ᠲᠠᠰᠤᠭ ᠠᠴᠠ ᠢᠷᠠᠭᠤ ᠰᠠᠶᠢᠬᠠᠨ ᠤᠶᠠᠩᠭ᠎ᠠ ᠳᠠᠭᠤᠤ ᠴᠤᠤᠷᠢᠶᠠᠲᠤᠨ᠂ ᠨᠡᠶᠢᠭᠡᠮ | ᠲᠣᠭᠤᠷᠢᠭ ᠤᠨ ︽ᠨᠠᠰᠤᠲᠠᠶᠢᠴᠤᠳ ᠤᠨ ᠨᠠᠶᠢᠷᠠᠯ ᠳᠠᠭᠤᠤ ᠶᠢᠨ ᠠᠩᠭᠢ︾ ᠶᠢᠨ ᠠᠪᠠᠭ᠎ᠠ ᠠᠨᠢᠶ᠎ᠠ ᠨᠠᠷ ᠶᠠᠭᠠᠷᠠᠯᠲᠠᠢ ᠪᠣᠯᠪᠠᠰᠤᠷᠠᠵᠤ ᠪᠠᠶᠢᠯ᠎ᠠ᠃ ᠠᠳᠠᠯᠢ ᠪᠤᠰᠤ ᠬᠡᠪ | ᠨᠠᠮᠪᠠ ᠲᠠᠢ ᠳᠠᠭᠤᠤ ᠨᠢ ᠲᠡᠳᠡᠨ ᠢ ᠨᠢᠭᠡ ᠭᠡᠷ ᠤᠨ ᠬᠢᠨ ᠮᠡᠲᠦ ᠨᠢᠭᠲᠠᠷᠠᠭᠤᠯᠤᠨ ᠪᠦᠯᠬᠦᠮᠳᠡᠭᠦᠯᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠭ ᠠᠶᠠᠰ ᠢ | ᠴᠢᠪᠬᠠᠳᠠᠭᠤᠯᠵᠠᠢ᠃ ︽ᠨᠠᠰᠤᠲᠠᠶᠢᠴᠤᠳ ᠤᠨ ᠨᠠᠶᠢᠷᠠᠯ ᠳᠠᠭᠤᠤ ᠶᠢᠨ ᠠᠩᠭᠢ︾ ᠶᠢ ᠪᠠᠶᠢᠭᠤᠯᠤᠭᠰᠠᠨ ᠨᠢ ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ | ᠰᠠᠭᠤᠭᠠᠯᠢ ᠠᠷᠠᠳ ᠤᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢᠨ ᠦᠢᠯᠡᠳᠦᠯᠴᠡᠯ ᠢ ᠶᠡᠭᠡ ᠪᠠᠷ ᠠᠬᠢᠭᠤᠯᠤᠨ᠂ ᠤᠷᠠᠯᠢᠭ ᠤᠨ ᠰᠣᠯᠢᠯᠴᠠᠭᠠᠨ ᠤ ᠬᠡᠯᠪᠡᠷᠢ ᠪᠠᠷ | ᠬᠠᠷᠢᠶ᠎ᠠ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠷᠢᠯᠴᠠᠨ ᠬᠠᠪᠰᠤᠷᠤᠯᠴᠠᠵᠤ᠂ ᠠᠨᠠᠷ ᠤᠨ ᠦᠷ᠎ᠡ ᠰᠢᠭ ᠨᠢᠭᠲᠠ ᠪᠠᠷᠢᠯᠳᠤᠭᠰᠠᠨ ᠠᠮᠢᠳᠤᠯᠢᠭ | ᠵᠢᠷᠤᠭ ᠢ ᠳᠡᠯᠭᠡᠨ ᠦᠵᠡᠭᠦᠯᠵᠡᠢ︕ | ᠰᠠᠶᠢᠨ ᠳᠤᠷ᠎ᠠ ᠶᠢᠨ ᠦᠢᠯᠡᠴᠢᠯᠡᠭᠡ ᠪᠠᠷ ᠬᠥᠮᠥᠨ ᠤ ᠰᠡᠳᠬᠢᠯ ᠢ ᠳᠤᠯᠠᠭᠠᠴᠠᠭᠤᠯᠪᠠ | ︽ᠲᠠ ᠣᠬᠤᠷ ᠰᠢᠭ᠋ ᠬᠠᠶᠢᠴᠢᠯᠠᠬᠤ ᠶᠤᠮ ᠤᠤ ᠡᠰᠡᠬᠦᠯ᠎ᠡ ᠤᠷᠳᠤ ᠰᠢᠭ᠋ ᠦᠯᠡᠳᠡᠭᠡᠬᠦ ᠶᠤᠮ ᠤᠤ︖︾ ︽ᠨᠠᠰᠤ ᠠᠬᠢᠵᠤ᠂ ᠭᠠᠳᠠᠭᠰᠢ ᠭᠠᠷᠬᠤ ᠳᠤ | ᠳᠥᠭᠦᠮ ᠦᠭᠡᠢ ᠪᠣᠯᠣᠭᠰᠠᠨ ᠪᠢᠳᠠᠨ ᠳᠤ ᠭᠡᠷ ᠲᠤᠨᠢ ᠬᠦᠷᠴᠦ ᠦᠰᠦ ᠵᠠᠰᠠᠵᠤ ᠥᠭᠬᠦ ᠪᠣᠯᠣᠭᠰᠠᠨ ᠨᠢ ᠨᠡᠭᠡᠷᠡᠨ ᠰᠠᠶᠢᠬᠠᠨ ᠪᠠᠶᠢᠨ᠎ᠠ︕︾ ᠭᠡᠬᠦ ᠮᠡᠲᠤ ᠶᠢᠨ ᠶᠠᠷᠢᠶ᠎ᠠ | ᠵᠥᠩᠳᠡᠭᠡᠨ ᠳᠣᠭᠤᠯᠳᠠᠨᠠ᠃ ᠭᠡᠵᠦ ᠨᠠᠰᠤᠲᠠᠶᠢᠴᠤᠳ ᠶᠠᠷᠢᠵᠠᠭᠠᠨ᠎ᠠ᠃ ᠦᠰᠦ ᠵᠠᠰᠠᠬᠤ ᠪᠣᠯ ᠮᠠᠨ ᠤ ᠡᠳᠦᠷ ᠲᠤᠲᠤᠮ ᠤᠨ ᠠᠮᠢᠳᠤᠷᠠᠯ ᠳᠠᠬᠢ ᠵᠢᠵᠢᠭᠬᠡᠨ ᠶᠠᠪᠤᠳᠠᠯ | ᠪᠣᠯᠪᠠᠴᠤ ᠨᠡᠶᠢᠭᠡᠮ ᠲᠣᠭᠤᠷᠢᠭ ᠤᠨ ᠠᠵᠢᠯᠲᠠᠳ ᠤᠨ ᠨᠢᠳᠦᠨ ᠳᠤ ᠪᠣᠯ ᠬᠠᠷᠢᠨ ᠠᠷᠠᠳ ᠲᠦᠮᠡᠨ ᠳᠤ ᠦᠢᠯᠡᠴᠢᠯᠡᠬᠦ ᠶᠡᠭᠡ ᠶᠠᠪᠤᠳᠠᠯ ᠮᠥᠨ᠃ 4 ᠳ᠋ᠦ᠋ᠭᠡᠷ ᠰᠠᠷ᠎ᠠ ᠶᠢᠨ | 9 ᠤ ᠡᠳᠦᠷ᠂ ᠺᠠᠩ ᠨᠢᠩ ᠨᠡᠶᠢᠭᠡᠮ ᠲᠣᠭᠤᠷᠢᠭ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ ᠬᠠᠷᠢᠶ᠎ᠠ ᠣᠷᠣᠨ ᠳᠠᠭᠠᠨ ᠰᠠᠶᠢᠨ | ᠳᠤᠷ᠎ᠠ ᠶᠢᠨ ᠠᠵᠢᠯᠯᠠᠭ᠎ᠠ ᠥᠷᠨᠢᠭᠦᠯᠪᠡ᠃ ᠰᠠᠶᠢᠨ ᠳᠤᠷᠠᠴᠤᠳ ᠨᠠᠰᠤᠲᠠᠶᠢᠴᠤᠳ ᠤᠨ ᠭᠡᠷ ᠲᠤᠨᠢ ᠬᠦᠷᠴᠦ ᠬᠦᠷᠢᠶ᠎ᠡ ᠶᠢ ᠨᠢ ᠴᠡᠪᠡᠷᠯᠡᠨ᠂ ᠡᠳ᠋ ᠬᠤᠭᠰᠢᠯ ᠢ ᠨᠢ | ᠲᠢᠭᠯᠡᠵᠦ᠂ ᠭᠠᠵᠠᠷ ᠢ ᠨᠢ ᠵᠦᠯᠭᠦᠨ᠂ ᠰᠢᠷᠡᠭᠡ ᠰᠠᠨᠳᠠᠯᠢ ᠪᠠ ᠰᠢᠯ ᠢ ᠨᠢ ᠠᠷᠴᠢᠵᠤ ᠥᠭᠪᠡ᠂ ᠲᠡᠳᠡ ᠠᠵᠢᠯ ᠬᠢᠬᠦ ᠵᠠᠭᠤᠷ᠎ᠠ ᠨᠠᠰᠤᠲᠠᠶᠢᠴᠤᠳ ᠲᠠᠢ ᠲᠣᠳᠣᠨᠤᠰᠤᠭ | ᠵᠣᠭᠤᠭᠳᠠᠨ᠂ ᠠᠮᠢᠳᠤᠷᠠᠯ ᠤᠨ ᠪᠠᠶᠢᠳᠠᠯ ᠢ ᠨᠢ ᠣᠶᠢᠯᠠᠭᠠᠵᠤ᠂ ᠬᠠᠯᠠᠭᠤᠨ ᠬᠦᠢᠲᠡᠨ ᠢ ᠨᠢ ᠬᠠᠯᠠᠮᠵᠢᠯᠠᠨ᠂ ᠪᠡᠶ᠎ᠡ ᠪᠠᠨ ᠰᠠᠶᠢᠲᠤᠷ ᠬᠠᠮᠠᠭᠠᠯᠠᠵᠤ᠂ ᠬᠦᠴᠢᠷᠳᠡᠯ | ᠲᠤᠯᠭᠠᠷᠠᠪᠠᠯ ᠨᠡᠶᠢᠭᠡᠮ ᠲᠣᠭᠤᠷᠢᠭ ᠪᠣᠯᠣᠨ ᠰᠠᠶᠢᠨ ᠳᠤᠷᠠᠴᠤᠳ ᠯᠤᠭ᠎ᠠ ᠬᠠᠷᠢᠯᠴᠠᠬᠤ ᠶᠢ ᠰᠠᠨᠠᠭᠤᠯᠪᠠ᠃ ᠤᠷᠲᠤᠳᠠᠭᠰᠠᠨ ᠢ ᠨᠢ ᠲᠠᠭᠠᠷᠢᠵᠤ᠂ ᠶᠡᠬᠡᠳᠡᠭᠰᠡᠨ ᠢ ᠨᠢ | ᠪᠠᠭᠠᠰᠬᠠᠨ᠂ ᠦᠰᠦ ᠭᠡᠵᠢᠭᠡ ᠶᠢ ᠨᠢ ᠵᠠᠰᠠᠵᠤ᠂ ᠭᠡᠷ ᠪᠠᠶᠢᠰᠢᠩ ᠢ ᠨᠢ ᠴᠡᠪᠡᠷᠯᠡᠨ ᠶᠠᠭᠠᠷᠠᠯᠲᠠᠢ ᠠᠵᠢᠯᠯᠠᠬᠤ ᠨᠢ ᠨᠠᠰᠤᠲᠠᠶᠢᠴᠤᠳ ᠤᠨ ᠰᠡᠳᠬᠢᠯ ᠢ ᠳᠤᠯᠠᠭᠠᠴᠠᠭᠤᠯᠵᠤ | ᠪᠠᠶᠢᠯ᠎ᠠ᠃ ᠤᠯᠠᠨ ᠤ ᠬᠠᠮᠲᠤ ᠶᠢᠨ ᠴᠢᠷᠮᠠᠶᠢᠯᠭ᠎ᠠ ᠪᠠᠷ ᠨᠠᠰᠤᠲᠠᠶᠢᠴᠤᠳ ᠤᠨ ᠭᠡᠷ ᠪᠠᠶᠢᠰᠢᠩ ᠴᠡᠪᠡᠷ ᠳᠢᠭᠯᠢᠮ ᠲᠠᠢ ᠪᠣᠯᠵᠤ᠂ ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠤᠶᠤᠨ ᠰᠠᠨᠠᠭᠠᠨ ᠤ ᠳᠦᠷᠰᠦ ᠪᠠᠶᠢᠳᠠᠯ ᠴᠤ ᠰᠢᠨ᠎ᠡ ᠬᠤᠪᠢᠷᠠᠯᠲᠠ ᠭᠠᠷᠪᠠ᠃ | ᠳᠠᠷᠠᠭᠠᠴᠢ ᠶᠢᠨ ᠠᠯᠬᠤᠮ ᠳᠤ᠂ ᠺᠠᠩ ᠨᠢᠩ ᠨᠡᠶᠢᠭᠡᠮ ᠲᠣᠭᠤᠷᠢᠭ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢᠶᠠᠨ | ᠤᠯᠠᠮ ᠴᠢᠨᠠᠭᠰᠢᠳᠠ ᠪᠠᠲᠤ ᠴᠣᠭᠴᠠᠯᠠᠵᠤ᠂ ᠨᠠᠮ ᠤᠨ ᠦᠨᠳᠦᠰᠦᠲᠡᠨ ᠤ ᠤᠨᠤᠯ ᠪᠣᠯᠣᠨ ᠦᠨᠳᠦᠰᠦᠲᠡᠨ ᠤ ᠲᠦᠷᠦ ᠶᠢᠨ ᠪᠣᠳᠣᠯᠭ᠎ᠠ ᠶᠢᠨ ᠰᠤᠷᠤᠯᠴᠠᠯᠭ᠎ᠠ ᠶᠢ | ᠴᠢᠩᠭᠠᠳᠬᠠᠨ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠤᠨ᠂ ᠨᠠᠮ ᠢᠶᠠᠨ ᠳᠠᠭᠠᠬᠤ ᠶᠢ | ᠬᠥᠲᠥᠯᠥᠨ ᠵᠢᠯᠤᠭᠤᠳᠴᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠡᠯ᠎ᠡ | ᠵᠦᠢᠯ ᠤᠨ ᠠᠵᠢᠯ ᠢ ᠰᠠᠶᠢᠲᠤᠷ ᠬᠢᠵᠦ᠂ ᠨᠡᠶᠢᠭᠡᠮ ᠲᠣᠭᠤᠷᠢᠭ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠦᠵᠡᠯ ᠰᠠᠨᠠᠭ᠎ᠠ ᠪᠣᠯᠣᠨ ᠦᠢᠯᠡ | ᠠᠵᠢᠯᠯᠠᠭ᠎ᠠ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠯᠤᠭ᠎ᠠ ᠨᠢᠭᠡᠳᠦᠭᠦᠯᠦᠨ᠎ᠡ᠃ | |