ᠴᠠᠭᠠᠨ ᠬᠠᠷᠭᠠᠨ᠎ᠠ
ᠨᠡᠶᠢᠲᠡᠯᠡᠭᠰᠡᠨ ᠴᠠᠭ᠄
2024/4/11
      ᠪᠤᠷᠴᠠᠭ ᠤᠨ ᠢᠵᠠᠭᠤᠷ᠂ ᠬᠠᠷᠭᠠᠨ᠎ᠠ ᠶᠢᠨ ᠲᠥᠷᠥᠯ᠃ ᠪᠣᠳᠠ ᠮᠣᠳᠣ᠂ 5 — 6 ᠳ᠋ᠤᠭᠠᠷ ᠰᠠᠷ᠎ᠠ ᠳᠤ ᠴᠡᠴᠡᠭᠯᠡᠵᠦ᠂ 6 — 7 ᠳ᠋ᠤᠭᠠᠷ ᠰᠠᠷ᠎ᠠ ᠳᠤ ᠦᠷᠡᠯᠡᠨ᠎ᠡ᠃      ᠡᠯᠡᠰᠦᠨ ᠴᠥᠯ ᠤᠨ ᠭᠠᠩᠰᠠᠭ ᠪᠣᠳᠠ ᠮᠣᠳᠣ᠃ ᠲᠣᠯᠢ᠂ ᠠᠷᠤᠪᠤᠯᠠᠭ ᠤᠨ ᠪᠠᠷᠠᠭᠤᠨ ᠮᠠᠩᠬ᠎ᠠ ᠲᠠᠢ ᠭᠠᠵᠠᠷ ᠲᠤ ᠤᠷᠭᠤᠳᠠᠭ᠃      ᠳᠤᠮᠳᠠ ᠵᠡᠷᠭᠡ ᠶᠢᠨ ᠲᠡᠵᠢᠭᠡᠯ ᠤᠷᠭᠤᠮᠠᠯ ᠪᠣᠯᠣᠨ᠎ᠠ᠃ ᠲᠡᠮᠡᠭᠡ᠂ ᠬᠤᠨᠢ ᠢᠮᠠᠭ᠎ᠠ ᠨᠢᠷᠠᠢ ᠮᠥᠴᠢᠷ ᠨᠠᠪᠴᠢ ᠶᠢ ᠨᠢ ᠢᠳᠡᠬᠦ ᠳᠤᠷᠠᠲᠠᠢ᠃                               ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾  ᠪᠠᠭᠠᠲᠤᠷ ᠨᠠᠶᠢᠷᠠᠭᠤᠯᠤᠨ ᠵᠤᠬᠢᠶᠠᠪᠠ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ