ᠤᠷᠭᠤᠮᠠᠯ
ᠨᠡᠶᠢᠲᠡᠯᠡᠭᠰᠡᠨ ᠴᠠᠭ᠄
2024/4/11
      ᠤᠷᠭᠤᠮᠠᠯ᠄ ᠮᠣᠩᠭᠤᠯ ᠦᠨᠳᠦᠰᠦᠲᠡᠨ᠂ ᠡᠮᠡᠭᠲᠡᠢ᠂ 1941 ᠣᠨ ᠳᠤ ᠵᠡᠭᠦᠨᠭᠠᠷ ᠬᠤᠰᠢᠭᠤᠨ ᠳᠤ ᠲᠥᠷᠥᠵᠡᠢ᠃ ᠪᠠᠭ᠎ᠠ ᠨᠠᠰᠤᠨ ᠳᠠᠭᠠᠨ ᠣᠲᠤᠭ ᠬᠤᠰᠢᠭᠤᠨ ᠤ ᠴᠠᠪ ᠰᠤᠮᠤᠨ ᠳᠤ ᠨᠡᠭᠦᠳᠡᠯᠯᠡᠨ ᠢᠷᠡᠵᠦ ᠰᠠᠭᠤᠵᠠᠢ᠃ 1961 ᠣᠨ ᠳᠤ ᠣᠲᠤᠭ ᠬᠤᠰᠢᠭᠤᠨ ᠤ ᠤᠯᠠᠭᠠᠨᠮᠥ᠋ᠴᠢᠷ ᠲᠤ ᠡᠯᠰᠡᠭᠳᠡᠵᠦ᠂ 1966 ᠣᠨ ᠳᠤ ᠥᠪᠥᠷ ᠮᠣᠩᠭᠤᠯ ᠤᠨ ᠰᠢᠭᠤᠳ ᠬᠠᠷᠢᠶ᠎ᠠ ᠤᠯᠠᠭᠠᠨᠮᠥ᠋ᠴᠢᠷ ᠲᠤ ᠰᠢᠯᠵᠢᠨ ᠠᠵᠢᠯᠯᠠᠪᠠ᠃ 1982 ᠣᠨ ᠠᠴᠠ ᠡᠬᠢᠯᠡᠨ ᠥᠪᠥᠷ ᠮᠣᠩᠭᠤᠯ ᠤᠨ ᠤᠷᠠᠯᠢᠭ ᠤᠨ ᠳᠡᠭᠡᠳᠦ ᠰᠤᠷᠭᠠᠭᠤᠯᠢ ᠳᠤ ᠱᠠᠨᠵᠠ ᠬᠥᠭᠵᠢᠮ ᠤᠨ ᠵᠢᠭᠠᠨ ᠰᠤᠷᠭᠠᠬᠤ ᠠᠵᠢᠯ ᠢ ᠡᠷᠬᠢᠯᠡᠪᠡ᠃ ᠲᠡᠭᠦᠨ ᠤ ᠵᠣᠬᠢᠶᠠᠵᠤ ᠬᠥᠭᠵᠢᠮᠳᠡᠭᠰᠡᠨ 30 ᠭᠠᠷᠤᠢ ᠱᠠᠨᠵᠠ ᠶᠢᠨ ᠭᠤᠴᠤᠯᠠᠯ ᠬᠥᠭᠵᠢᠮ ᠢ ᠳᠤᠮᠳᠠᠳᠤ ᠤᠯᠤᠰ ᠤᠨ ᠫᠠᠶᠢᠰᠠ ᠬᠢᠬᠦ ᠺᠣᠮᠫᠠᠨᠢ᠂ ᠲᠥᠪ ᠤᠨ ᠠᠷᠠᠳ ᠤᠨ ᠷᠠᠳᠢᠤ᠋ ᠨᠡᠪᠲᠡᠷᠡᠭᠦᠯᠭᠡ ᠶᠢᠨ ᠬᠤᠷᠢᠶ᠎ᠠ᠂ ᠲᠥᠪ ᠤᠨ ᠲᠧᠯᠸᠢᠰ ᠬᠤᠷᠢᠶ᠎ᠠ ᠰᠢᠩᠭᠡᠭᠡᠨ ᠦᠢᠯᠡᠳᠴᠦ ᠨᠡᠪᠲᠡᠷᠡᠭᠦᠯᠵᠡᠢ᠃ ᠡᠭᠦᠨ ᠳᠤ ᠱᠠᠨᠵᠠ ᠶᠢᠨ ᠭᠤᠴᠣᠯᠠᠯ ᠬᠥᠭᠵᠢᠮ ︽ᠬᠢᠯᠢ ᠶᠢᠨ ᠮᠣᠷᠢᠲᠤ ᠴᠡᠷᠢᠭ︾ ᠨᠢ 1973 ᠣᠨ ᠳᠤ ᠪᠦᠬᠦ ᠣᠷᠣᠨ ᠤ ᠤᠯᠠᠭᠠᠨᠮᠥ᠋ᠴᠢᠷ ᠤᠨ ᠤᠷᠤᠯᠳᠤᠭᠠᠨ ᠳᠤ ᠰᠢᠯᠢᠳᠡᠭ ᠪᠦᠲᠦᠭᠡᠯ ᠤᠨ ᠱᠠᠩᠨᠠᠯ ᠬᠦᠷᠲᠡᠪᠡ᠃ ᠤᠷᠠᠯᠢᠭ ᠺᠢᠨᠤ᠋ ︽ᠪᠠᠶᠢᠯᠲᠤᠭᠠᠨ ᠤ ᠭᠠᠵᠠᠷ ᠤᠨ ᠰᠢᠷ᠎ᠠ ᠴᠡᠴᠡᠭ︾᠂ ︽ᠤᠯᠠᠭᠠᠨᠮᠥ᠋ᠴᠢᠷ ᠤᠨ ᠳᠠᠭᠤᠯᠠᠯ︾ ᠳᠤ ᠱᠠᠨᠵᠠ ᠶᠢᠨ ᠭᠤᠴᠤᠯᠠᠯ ᠬᠥᠭᠵᠢᠮ ᠬᠠᠪᠰᠤᠷᠭᠠᠪᠠ᠃ ︽ᠭᠤᠷᠪᠠᠨ ᠵᠢᠯ ᠤᠨ ᠳᠦᠷᠢᠮᠲᠦ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠠᠩᠭᠢ ᠳᠤ ᠱᠠᠨᠵᠠ ᠵᠢᠭᠠᠬᠤ ᠫᠷᠦᠭᠷᠠᠮ︾᠂ ︽ᠵᠢᠷᠭᠤᠭᠠᠨ ᠵᠢᠯ ᠤᠨ ᠳᠦᠷᠢᠮᠲᠦ ᠳᠤᠮᠳᠠᠳᠤ ᠵᠡᠷᠭᠡ ᠶᠢᠨ ᠲᠤᠰᠬᠠᠢ ᠮᠡᠷᠭᠡᠵᠢᠯ ᠤᠨ ᠠᠩᠭᠢ ᠳᠤ ᠱᠠᠨᠵᠠ ᠵᠢᠭᠠᠬᠤ ᠫᠷᠦᠭᠷᠠᠮ︾ ᠵᠡᠷᠭᠡ ᠱᠠᠨᠵᠠ ᠬᠥᠭᠵᠢᠮ ᠤᠨ ᠵᠢᠭᠠᠬᠤ ᠮᠠᠲ᠋ᠧᠷᠢᠶᠠᠯ ᠨᠠᠶᠢᠷᠠᠭᠤᠯᠤᠨ ᠪᠢᠴᠢᠵᠡᠢ᠃ ᠲᠡᠭᠦᠨ ᠤ ︽ᠮᠣᠩᠭᠤᠯ ᠱᠠᠨᠵᠠ ᠶᠢ ᠵᠥᠪ ᠣᠨᠣᠪᠴᠢᠲᠠᠢ ᠬᠥᠭᠵᠢᠮᠳᠡᠬᠦ ᠤᠷ᠎ᠠ ᠮᠡᠷᠭᠡᠰᠢᠯ ᠤᠨ ᠲᠤᠬᠠᠢ ᠬᠡᠳᠦᠨ ᠠᠰᠠᠭᠤᠳᠠᠯ︾ ᠭᠡᠬᠦ ᠦᠬᠦᠯᠡᠯ ᠪᠣᠯᠣᠨ ᠨᠠᠢᠮᠠᠨ ᠪᠠᠳᠠᠭ ᠱᠠᠨᠵᠠ ᠶᠢᠨ ᠭᠤᠴᠤᠯᠠᠯ ᠬᠥᠭᠵᠢᠮ ᠨᠢ 1989 ᠣᠨ ᠳᠤ ᠬᠡᠪᠯᠡᠭᠳᠡᠭᠰᠡᠨ ︽ᠮᠣᠩᠭᠤᠯ ᠦᠨᠳᠦᠰᠦᠲᠡᠨ ᠤ ᠬᠥᠭᠵᠢᠮ ᠤᠨ ᠵᠢᠭᠠᠬᠤ ᠮᠠᠲ᠋ᠧᠷᠢᠶᠠᠯ︾ ᠳᠤ ᠨᠠᠶᠢᠷᠠᠭᠤᠯᠤᠭᠳᠠᠨ ᠣᠷᠣᠵᠠᠢ᠃ 1989 ᠣᠨ ᠤ 9 ᠳ᠋ᠦ᠋ᠭᠡᠷ ᠰᠠᠷ᠎ᠠ ᠳᠤ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠠᠷᠠᠳ ᠤᠨ ᠤᠷᠠᠯᠢᠭ ᠤᠨ ᠨᠠᠶᠢᠷ ᠲᠤ ᠣᠷᠣᠯᠴᠠᠵᠤ᠂ ᠠᠷᠠᠳ ᠤᠨ ᠤᠷᠠᠯᠢᠭ ᠤᠨ ᠨᠠᠶᠢᠷ ᠲᠤ ᠲᠣᠪᠣᠶᠢᠮ᠎ᠠ ᠵᠢᠳᠬᠦᠯ ᠦᠵᠡᠭᠦᠯᠦᠭᠰᠡᠨ ᠱᠠᠩᠨᠠᠯ ᠬᠦᠷᠲᠡᠵᠡᠢ᠃ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠤᠷᠠᠯᠢᠭ ᠤᠨ ᠳᠡᠭᠡᠳᠦ ᠰᠤᠷᠭᠠᠭᠤᠯᠢ ᠶᠢᠨ ᠬᠥᠭᠵᠢᠮ ᠤᠨ ᠰᠤᠳᠤᠯᠤᠯ ᠤᠨ ᠳᠡᠳ᠋ ᠫᠷᠣᠹᠧᠰᠰᠣᠷ ᠪᠠᠶᠢᠵᠦ ᠪᠠᠶᠢᠭᠠᠳ 1994 ᠣᠨ ᠳᠤ ᠨᠠᠰᠤ ᠪᠠᠷᠠᠵᠠᠢ᠃          ︽ᠣᠲᠤᠭ ᠬᠤᠰᠢᠭᠤᠨ ᠤ ᠣᠶᠢᠯᠠᠯᠭ᠎ᠠ︾ ︽ᠣᠲᠤᠭ ᠬᠤᠰᠢᠭᠤᠨ ᠤ ᠣᠶᠢᠯᠠᠯᠭ᠎ᠠ︾ ᠨᠠᠶᠢᠷᠠᠭᠤᠯᠬᠤ ᠺᠣᠮᠢᠰ ᠨᠠᠶᠢᠷᠠᠭᠤᠯᠪᠠ
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ