2023 ᠣᠨ ᠤ 1 ︱ 12 ᠳ᠋ᠤᠭᠠᠷ ᠰᠠᠷ᠎ᠠ ᠳᠤ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠳᠠᠷᠤᠭᠠᠰᠤ ᠶᠢ | ᠠᠷᠭᠠᠴᠠᠭᠠᠨ ᠤᠷᠤᠭᠰᠢᠯᠠᠵᠤ ᠲᠣᠭᠲᠠᠭᠤᠨ ᠢᠶᠠᠷ ᠬᠥᠭᠵᠢᠪᠡ | | 2023 ᠣᠨ ᠳᠤ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠳᠠᠷᠤᠭᠠᠰᠤ ᠶᠢ ᠠᠷᠭᠠᠴᠠᠭᠠᠨ ᠤᠷᠤᠭᠰᠢᠯᠠᠵᠤ᠂ | ᠲᠣᠭᠲᠠᠭᠤᠨ ᠢᠶᠠᠷ ᠬᠥᠭᠵᠢᠪᠡ᠃ 1-12 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ 29 ᠦᠢᠯᠡᠴᠢᠯᠡᠭᠡᠨ ᠤ ᠦᠢᠯᠡᠰ ᠤᠨ ᠠᠵᠤ | ᠠᠬᠤᠶᠢᠯᠠᠯ 34.8 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠶᠡᠷᠦᠩᠬᠡᠢ ᠬᠡᠮᠵᠢᠶ᠎ᠡ ᠪᠠᠷ ᠪᠥᠬᠦ ᠬᠤᠲᠠ ᠳᠤ ᠲᠠᠪᠤᠳᠤᠭᠠᠷ ᠲᠤ | ᠣᠷᠣᠪᠠ︔ 2.8 ᠳ᠋ᠦᠩᠰᠢᠭᠤᠷ ᠲᠥᠭᠦᠷᠢᠭ ᠤᠨ ᠠᠰᠢᠭ ᠬᠤᠨᠵᠢᠪᠤᠷᠢ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 20.6% ᠪᠠᠷ ᠨᠡᠮᠡᠭᠳᠡᠪᠡ︔ | ᠥᠭᠬᠦ ᠶᠣᠰᠣᠲᠠᠢ ᠠᠵᠢᠯᠲᠠᠨ ᠠᠵᠢᠯᠴᠢᠨ ᠤ ᠴᠠᠯᠢᠩ ᠬᠥᠯᠥᠰᠦ 2.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 10. | 6% ᠪᠠᠷ ᠨᠡᠮᠡᠭᠳᠡᠵᠡᠢ᠃ | ᠨᠢᠭᠡ᠂ ᠳᠥᠷᠪᠡᠨ ᠶᠡᠭᠡ ᠠᠵᠢᠯ ᠲᠥᠷᠥᠯ ᠤᠨ ᠡᠵᠡᠩᠨᠡᠯᠲᠡ ᠶᠢᠨ ᠣᠷᠣᠯᠭ᠎ᠠ ᠲᠠᠰᠤᠷᠠᠯᠲᠠ ᠦᠭᠡᠢ ᠨᠡᠮᠡᠭᠳᠡᠪᠡ | ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠨᠥᠭᠡᠴᠡᠯᠡᠯᠲᠡ ᠪᠠ ᠰᠢᠤᠳᠠᠨ ᠤ ᠦᠢᠯᠡᠰ ᠤᠨ 21 ᠡᠷᠦᠬᠡ᠂ 1-12 ᠳ᠋ᠤᠭᠠᠷ ᠰᠠᠷ᠎ᠠ ᠳᠤ | ᠡᠵᠡᠩᠨᠡᠯᠲᠡ ᠶᠢᠨ ᠣᠷᠣᠯᠭ᠎ᠠ ᠶᠢ 31.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ | ᠦᠢᠯᠡᠰ ᠤᠨ ᠡᠵᠡᠩᠨᠡᠯᠲᠡ ᠶᠢᠨ ᠣᠷᠣᠯᠭ᠎ᠠ ᠶᠢᠨ 90% ᠠᠴᠠ ᠳᠡᠭᠡᠭᠰᠢᠬᠢ ᠶᠢ ᠡᠵᠡᠯᠡᠪᠡ︔ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ 3 ᠡᠷᠦᠬᠡ᠂ | 1-12 ᠳ᠋ᠤᠭᠠᠷ ᠰᠠᠷ᠎ᠠ ᠳᠤ ᠡᠵᠡᠩᠨᠡᠯᠲᠡ ᠶᠢᠨ ᠣᠷᠣᠯᠭ᠎ᠠ ᠶᠢ 2.3 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2.7% ᠪᠠᠷ | ᠨᠡᠮᠡᠭᠳᠡᠪᠡ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ 4 ᠡᠷᠦᠬᠡ᠂ 1-12 ᠳ᠋ᠤᠭᠠᠷ ᠰᠠᠷ᠎ᠠ ᠳᠤ 0.6 ᠳ᠋ᠦᠩᠰᠢᠭᠤᠷ | ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.1% ᠪᠠᠷ ᠨᠡᠮᠡᠭᠳᠡᠪᠡ︔ ᠰᠢᠨᠵᠢᠯᠡᠬᠦ ᠤᠬᠠᠭᠠᠨ ᠤ | ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ 1 ᠡᠷᠦᠬᠡ᠂ 1-12 ᠳ᠋ᠤᠭᠠᠷ ᠰᠠᠷ᠎ᠠ ᠳᠤ 0.17 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ | ᠣᠷᠣᠯᠭ᠎ᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 33.61% ᠪᠠᠷ ᠨᠡᠮᠡᠭᠳᠡᠪᠡ᠃ | ᠬᠤᠶᠠᠷ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ ᠠᠰᠢᠭ ᠢᠯᠡᠳᠲᠡ ᠳᠡᠭᠡᠭᠰᠢᠯᠡᠪᠡ | 1-12 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ 29 ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ 2.8 ᠳ᠋ᠦᠩᠰᠢᠭᠤᠷ ᠲᠥᠭᠦᠷᠢᠭ ᠤᠨ | ᠠᠰᠢᠭ ᠬᠤᠨᠵᠢᠪᠤᠷᠢ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 20.6% ᠪᠠᠷ ᠨᠡᠮᠡᠭᠳᠡᠪᠡ᠂ ᠡᠭᠦᠨ ᠳᠤ ᠠᠵᠤ ᠠᠬᠤᠶᠢᠯᠠᠯ ᠤᠨ ᠡᠵᠡᠩᠨᠡᠯᠲᠡ ᠶᠢᠨ | ᠠᠰᠢᠭ ᠬᠤᠨᠵᠢᠪᠤᠷᠢ ᠶᠢᠨ ᠨᠣᠷᠮ᠎ᠠ 9.5% ᠬᠦᠷᠴᠦ᠂ ᠨᠢᠳᠤᠨᠤᠨ ᠤ ᠬᠢ ᠲᠠᠢ ᠬᠠᠷᠢᠴᠠᠭᠤᠯᠪᠠᠯ ᠵᠠᠭᠤᠨ ᠤ 1.8 ᠬᠤᠪᠢ ᠨᠡᠮᠡᠭᠳᠡᠵᠡᠢ᠃ ᠡᠭᠦᠨ ᠳᠤ ᠠᠰᠢᠭ | ᠣᠯᠵᠠᠪᠤᠷᠢ ᠲᠠᠢ ᠠᠵᠤ ᠠᠬᠤᠶᠢᠯᠠᠯ 20 ᠬᠦᠷᠴᠦ᠂ ᠠᠰᠢᠭ ᠣᠯᠵᠠᠪᠤᠷᠢ ᠶᠢᠨ ᠬᠡᠪᠴᠢᠶ᠎ᠡ ᠨᠢ 71.4% ᠬᠦᠷᠪᠡ᠃ | ᠭᠤᠷᠪᠠ᠂ ᠠᠵᠢᠯᠲᠠᠨ ᠤ ᠴᠠᠯᠢᠩ ᠬᠥᠯᠥᠰᠦ ᠲᠠᠰᠤᠷᠠᠯᠲᠠ ᠦᠭᠡᠢ ᠳᠡᠭᠡᠭᠰᠢᠯᠡᠪᠡ | 1-12 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠢᠯᠲᠠᠨ ᠠᠵᠢᠯᠴᠢᠨ ᠤ ᠴᠠᠯᠢᠩ | ᠬᠥᠯᠥᠰᠦ 2.3 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 10.6% ᠪᠠᠷ ᠨᠡᠮᠡᠭᠳᠡᠪᠡ᠂ ᠡᠭᠦᠨ ᠳᠤ ᠰᠢᠨᠵᠢᠯᠡᠬᠦ ᠤᠬᠠᠭᠠᠨ ᠤ | ᠰᠤᠳᠤᠯᠭᠠᠨ ᠪᠠ ᠮᠡᠷᠭᠡᠵᠢᠯ ᠤᠨ ᠦᠢᠯᠡᠴᠢᠯᠡᠭᠡᠨ ᠤ ᠦᠢᠯᠡᠰ ᠤᠨ ᠨᠡᠮᠡᠭᠳᠡᠯ ᠬᠠᠮᠤᠭ ᠤᠨ ᠲᠦᠷᠭᠡᠨ ᠪᠣᠯᠣᠭᠰᠠᠨ ᠪᠠᠶᠢᠨ᠎ᠠ᠃ ᠠᠵᠢᠯ ᠣᠯᠭᠤᠭᠰᠠᠨ ᠬᠥᠮᠥᠨ ᠤ | ᠲᠤᠭ᠎ᠠ ᠪᠠᠷ ᠬᠠᠮᠤᠭ ᠤᠨ ᠣᠯᠠᠨ ᠠᠵᠢᠯ ᠲᠥᠷᠥᠯ ᠨᠢ ᠲᠣᠰ ᠲᠣᠰ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ᠂ ᠵᠠᠮ ᠬᠠᠷᠢᠯᠴᠠᠭ᠎ᠠ ᠲᠡᠭᠡᠭᠡᠪᠦᠷᠢ᠂ | ᠬᠥᠮᠥᠷᠭᠡᠯᠡᠯᠲᠡ ᠨᠥᠭᠡᠴᠡᠯᠡᠯᠲᠡ ᠪᠠ ᠰᠢᠤᠳᠠᠨ ᠤ ᠦᠢᠯᠡᠰ ᠪᠠᠶᠢᠵᠤ᠂ ᠨᠡᠶᠢᠲᠡ 76.7% ᠶᠢ ᠡᠵᠡᠯᠡᠪᠡ᠃ | | |