1-2 ᠳ᠋ᠤᠭᠠᠷ ᠰᠠᠷ᠎ᠠ ᠶᠢᠨ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠲᠣᠪᠴᠢ ᠮᠡᠳᠡᠭᠡ
ᠨᠡᠶᠢᠲᠡᠯᠡᠭᠰᠡᠨ ᠴᠠᠭ᠄
2024/4/12
      1-2 ᠳ᠋ᠤᠭᠠᠷ ᠰᠠᠷ᠎ᠠ ᠶᠢᠨ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ ᠤᠨ ᠲᠣᠪᠴᠢ ᠮᠡᠳᠡᠭᠡ1-2 ᠳ᠋ᠤᠭᠠᠷ ᠰᠠᠷ᠎ᠠ ᠳᠤ᠂ ᠪᠦᠭᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠠᠳᠠᠯᠢ ᠬᠤᠭᠤᠴᠠᠭᠠᠨ ᠤ ᠬᠢ ᠠᠴᠠ 9.7% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠵᠠᠭᠤᠨ ᠤ 12.8 ᠬᠤᠪᠢ ᠨᠡᠮᠡᠭᠳᠡᠨ᠂ ᠨᠢᠳᠤᠨᠤᠨ ᠤ 12 ᠳ᠋ᠤᠭᠠᠷ ᠰᠠᠷ᠎ᠠ ᠠᠴᠠ ᠵᠠᠭᠤᠨ ᠤ 5.7 ᠬᠤᠪᠢ ᠨᠡᠮᠡᠭᠳᠡᠵᠦ᠂ ᠶᠡᠷᠦᠩᠬᠡᠢ ᠳᠡᠭᠡᠨ ᠳᠡᠭᠡᠭᠰᠢᠯᠡᠬᠦ ᠬᠠᠨᠳᠤᠰᠢ ᠲᠠᠢ ᠪᠣᠯᠵᠠᠢ᠃ ᠭᠤᠣᠯᠳᠠᠭᠤ ᠳᠣᠣᠷᠠᠬᠢ ᠮᠡᠲᠦ ᠣᠨᠴᠠᠯᠢᠭ ᠲᠠᠢ᠄      ᠨᠢᠭᠡ ᠳᠤ ᠭᠤᠷᠪᠠᠨ ᠶᠡᠭᠡ ᠲᠥᠷᠥᠯ ᠵᠦᠢᠯ ᠴᠥᠮ ᠡᠶᠡᠷᠭᠦ ᠨᠡᠮᠡᠭᠳᠡᠯ ᠲᠠᠢ ᠪᠣᠯᠪᠠ      ᠠᠭᠤᠷᠬᠠᠢ ᠮᠠᠯᠲᠠᠬᠤ ᠦᠢᠯᠡᠰ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 9.2% ᠢᠶᠠᠷ ᠨᠡᠮᠡᠭᠳᠡᠵᠦ᠂ ᠦᠢᠯᠡᠳᠬᠦ ᠦᠢᠯᠡᠰ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠨ᠂ ᠴᠠᠬᠢᠯᠭᠠᠨ ᠬᠦᠴᠦ᠂ ᠢᠯᠴᠢ ᠬᠠᠩᠭᠠᠯᠭ᠎ᠠ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠤᠨ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 19.6% ᠪᠠᠷ ᠨᠡᠮᠡᠭᠳᠡᠵᠦ᠂ ᠠᠭᠤᠷᠬᠠᠢ ᠮᠠᠯᠲᠠᠬᠤ ᠦᠢᠯᠡᠰ ᠪᠠ ᠴᠠᠬᠢᠯᠭᠠᠨ ᠬᠦᠴᠦ᠂ ᠢᠯᠴᠢ  ᠬᠠᠩᠭᠠᠯᠭ᠎ᠠ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠬᠠᠩᠭᠠᠯᠭ᠎ᠠ ᠶᠢᠨ ᠦᠢᠯᠡᠰ ᠨᠢ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠢ ᠶᠢᠨ ᠲᠣᠭᠲᠠᠭᠤᠨ ᠢᠶᠠᠷ ᠨᠡᠮᠡᠭᠳᠡᠬᠦ ᠶᠢ ᠳᠠᠶᠢᠴᠢᠯᠠᠬᠤ ᠬᠦᠴᠦᠲᠡᠢ ᠲᠤᠯᠭᠠᠭᠤᠷᠢᠯᠠᠯ ᠪᠣᠯᠵᠠᠢ᠃       ᠬᠤᠶᠠᠷ ᠲᠤ ᠭᠤᠣᠯᠳᠠᠯᠭ᠎ᠠ ᠲᠠᠢ ᠠᠵᠢᠯ ᠲᠥᠷᠥᠯ ᠤᠨ ᠳᠠᠶᠢᠴᠢᠯᠠᠬᠤ ᠦᠢᠯᠡᠳᠦᠯ ᠢᠯᠡᠷᠬᠡᠢ ᠪᠣᠯᠪᠠ      1-2 ᠳ᠋ᠤᠭᠠᠷ ᠰᠠᠷ᠎ᠠ ᠳᠤ᠂ ᠪᠠᠷᠤᠭ ᠨᠠᠢᠮᠠᠨ ᠬᠤᠪᠢ ᠶᠢᠨ ᠠᠵᠢᠯ ᠲᠥᠷᠥᠯ ᠤᠨ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ ᠡᠶᠡᠷᠭᠦ ᠨᠡᠮᠡᠭᠳᠡᠯ  ᠢ ᠪᠡᠶᠡᠯᠡᠭᠦᠯᠪᠡ᠃ ᠡᠭᠦᠨ ᠳᠤ᠄ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢᠯᠡᠰ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 11.3% ᠪᠠᠷ ᠨᠡᠮᠡᠭᠳᠡᠵᠦ᠂ ᠴᠢᠯᠠᠭᠤᠨ ᠲᠣᠰᠣ ᠪᠠ ᠪᠠᠶᠢᠭᠠᠯᠢ ᠶᠢᠨ ᠰᠢᠲᠠᠮᠠᠬᠠᠢ ᠬᠡᠢ ᠶᠢ ᠨᠡᠭᠡᠭᠡᠨ ᠮᠠᠯᠲᠠᠬᠤ ᠦᠢᠯᠡᠰ ᠠᠳᠠᠯᠢ ᠬᠤᠭᠤᠴᠠᠭᠠᠨ ᠤ ᠬᠢ ᠠᠴᠠ 3.3% ᠪᠠᠷ ᠨᠡᠮᠡᠭᠳᠡᠨ᠂ ᠬᠢᠮᠢ ᠶᠢᠨ ᠲᠦᠭᠦᠬᠡᠢ ᠮᠠᠲ᠋ᠧᠷᠢᠶᠠᠯ ᠪᠠ ᠬᠢᠮᠢ ᠶᠢᠨ ᠪᠦᠲᠦᠭᠡᠭᠳᠡᠬᠦᠨ ᠦᠢᠯᠡᠳᠬᠦ ᠦᠢᠯᠡᠰ ᠠᠳᠠᠯᠢ ᠬᠤᠭᠤᠴᠠᠭᠠᠨ ᠤ ᠬᠢ ᠠᠴᠠ 9.1% ᠪᠠᠷ ᠨᠡᠮᠡᠭᠳᠡᠵᠦ᠂ ᠴᠠᠬᠢᠯᠭᠠᠨ ᠬᠦᠴᠦ᠂ ᠢᠯᠴᠢ ᠬᠠᠩᠭᠠᠯᠭ᠎ᠠ ᠶᠢᠨ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ 17.2% ᠢᠶᠠᠷ ᠨᠡᠮᠡᠭᠳᠡᠵᠡᠢ᠂ ᠡᠨᠡ ᠳᠥᠷᠪᠡᠨ ᠠᠵᠢᠯ ᠲᠥᠷᠥᠯ ᠨᠢ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ ᠵᠠᠭᠤᠨ ᠤ 8.8 ᠬᠤᠪᠢ ᠨᠡᠮᠡᠭᠳᠡᠭᠦᠯᠵᠦ᠂ ᠪᠥᠬᠦ ᠬᠤᠰᠢᠭᠤᠨ ᠤ ᠠᠵᠤ ᠦᠢᠯᠡᠳᠪᠦᠷᠢ ᠶᠢᠨ ᠠᠵᠤ ᠠᠬᠤᠢ ᠶᠢᠨ ᠨᠡᠮᠡᠭᠳᠡᠯ ᠳᠤ ᠲᠣᠪᠣᠶᠢᠮ᠎ᠠ ᠬᠤᠪᠢ ᠨᠡᠮᠡᠷᠢ ᠦᠵᠡᠭᠦᠯᠪᠡ᠃      ᠭᠤᠷᠪᠠ ᠳᠤ ᠣᠯᠠᠩᠬᠢ ᠦᠢᠯᠡᠳᠬᠦᠨ ᠨᠡᠮᠡᠭᠳᠡᠯ ᠤᠨ ᠬᠠᠨᠳᠤᠰᠢ ᠪᠠᠨ ᠪᠠᠲᠤᠯᠠᠪᠠ      18 ᠵᠦᠢᠯ ᠤᠨ ᠠᠵᠤ ᠦᠢᠯᠡᠳᠪᠦᠷᠢ ᠶᠢᠨ ᠭᠤᠣᠯ ᠦᠢᠯᠡᠳᠬᠦᠨ ᠤ ᠳᠣᠲᠣᠷᠠᠬᠢ ᠲᠠᠪᠤᠨ ᠬᠤᠪᠢ ᠶᠢᠨ ᠭᠠᠷᠤᠯᠲᠠ ᠨᠢ ᠨᠡᠮᠡᠭᠳᠡᠬᠦ ᠬᠠᠨᠳᠤᠰᠢ ᠲᠠᠢ ᠪᠠᠶᠢᠨ᠎ᠠ᠃ ᠠᠵᠤ ᠦᠢᠯᠡᠳᠪᠦᠷᠢ ᠶᠢᠨ ᠭᠤᠣᠯ ᠦᠢᠯᠡᠳᠬᠦᠨ ᠤ ᠭᠠᠷᠤᠯᠲᠠ ᠶᠢᠨ ᠨᠡᠮᠡᠭᠳᠡᠯ ᠤᠨ 9 ᠵᠦᠢᠯ ᠭᠡᠪᠡᠯ᠄ ᠲᠦᠭᠦᠬᠡᠢ ᠨᠡᠭᠦᠷᠡᠰᠦ᠂ ᠨᠠᠷᠢᠯᠢᠭ ᠨᠡᠭᠦᠷᠡᠰᠦ᠂ ᠰᠢᠭᠡᠰᠦᠯᠢᠭ ᠡᠳ᠋᠂ ᠢᠳᠡᠮᠡᠬᠡᠢ ᠱᠦᠯᠲᠦ᠂ PVC᠂ ᠣᠨᠴᠠ ᠲᠦᠷᠦᠯ ᠤᠨ ᠰᠢᠷᠬᠡᠭᠯᠢᠭ᠂ ᠤᠯᠠᠨ ᠲᠠᠯᠠᠰᠲᠤ ᠴᠠᠬᠢᠭᠤᠷ᠂ ᠴᠠᠬᠢᠯᠭᠠᠨ ᠭᠠᠷᠭᠠᠬᠤ ᠬᠡᠮᠵᠢᠶ᠎ᠡ᠂ ᠰᠤᠷᠮᠤ ᠦᠭᠡᠢ ᠨᠣᠣᠯᠣᠭᠤᠷ ᠪᠣᠢ︔ ᠬᠤᠶᠠᠷ ᠵᠦᠢᠯ ᠤᠨ ᠦᠢᠯᠡᠳᠬᠦᠨ ᠤ ᠭᠠᠷᠤᠯᠲᠠ ᠨᠢ ᠠᠳᠠᠯᠢ ᠬᠤᠭᠤᠴᠠᠭᠠᠨ ᠤ ᠬᠢ ᠲᠠᠢ ᠲᠡᠩᠴᠡᠭᠦᠦ ᠪᠣᠯᠪᠠ᠃
DJ(`VCSW]7BUI54WWJ[0T_L.png
 
ᠢᠷᠡᠯᠲᠡ᠄ ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ