2023 ᠣᠨ ᠤ ᠣᠲᠤᠭ ᠬᠤᠰᠢᠭᠤᠨ ᠤ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠡᠷᠭᠢᠯᠲᠡ ᠶᠢᠨ ᠪᠠᠶᠢᠳᠠᠯ | 2023 ᠣᠨ ᠳᠤ᠂ ᠣᠲᠤᠭ ᠬᠤᠰᠢᠭᠤᠨ ᠤ ᠠᠷᠠᠳ ᠠᠴᠠ ᠡᠵᠡᠩᠨᠡᠭᠰᠡᠨ ᠨᠡᠮᠡᠭᠳᠡᠯ ᠥᠷᠲᠡᠭ 530.02 ᠳ᠋ᠦᠩᠰᠢᠭᠤᠷ ᠲᠥᠭᠦᠷᠢᠭ ᠲᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠪᠡ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ GDP ᠳᠠᠬᠢ ᠡᠵᠡᠯᠡᠬᠦ ᠬᠤᠪᠢ ᠶᠢᠨ ᠵᠢᠩ 86. | 1% ᠳᠤ ᠬᠦᠷᠴᠦ᠂ 2022 ᠣᠨ ᠤ ᠬᠢ ᠠᠴᠠ ᠵᠠᠭᠤᠨ ᠤ 2.6 ᠬᠤᠪᠢ ᠳᠡᠭᠡᠭᠰᠢᠯᠡᠨ᠂ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠨᠡᠮᠡᠭᠳᠡᠯ ᠤᠨ | ᠬᠤᠷᠳᠤᠴᠠ GDP ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ 2.4 ᠬᠤᠪᠢ ᠥᠨᠳᠥᠷ ᠪᠣᠯᠪᠠ᠃ ᠠᠷᠠᠳ ᠠᠴᠠ ᠡᠵᠡᠩᠨᠡᠭᠰᠡᠨ ᠠᠵᠤ ᠠᠬᠤᠢ ᠨᠢ ᠣᠲᠤᠭ | ᠬᠤᠰᠢᠭᠤᠨ ᠤ ᠠᠵᠤ ᠠᠬᠤᠢ ᠶᠢᠨ ᠨᠡᠮᠡᠭᠳᠡᠯ ᠳᠤ ᠴᠢᠬᠤᠯᠠ ᠦᠢᠯᠡᠳᠦᠯ ᠦᠵᠡᠭᠦᠯᠵᠦ᠂ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ᠴᠢᠬᠤᠯᠠ | ᠬᠦᠴᠦᠨ ᠪᠣᠯᠤᠭᠰᠠᠨ ᠪᠠᠶᠢᠨ᠎ᠠ᠃ | ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠷᠠᠳ ᠠᠴᠠ ᠡᠵᠡᠩᠨᠡᠭᠰᠡᠨ ᠠᠵᠤ ᠦᠢᠯᠡᠳᠪᠦᠷᠢ ᠶᠢᠨ ᠠᠵᠤ ᠠᠬᠤᠶᠢᠯᠠᠯ 111 ᠡᠷᠦᠬᠡ ᠳᠤ ᠬᠦᠷᠴᠦ᠂ | ᠠᠳᠠᠯᠢ ᠬᠤᠭᠤᠴᠠᠭᠠᠨ ᠤ ᠬᠢ ᠠᠴᠠ 15.6% ᠪᠠᠷ ᠨᠡᠮᠡᠭᠳᠡᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ 91.7% ᠶᠢ | ᠡᠵᠡᠯᠡᠨ᠂ ᠨᠡᠮᠡᠭᠳᠡᠯ ᠥᠷᠲᠡᠭ ᠨᠢ ᠠᠳᠠᠯᠢ ᠬᠤᠭᠤᠴᠠᠭᠠᠨ ᠤ ᠬᠢ ᠠᠴᠠ 3.2% ᠢᠶᠠᠷ ᠨᠡᠮᠡᠭᠳᠡᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ | ᠨᠡᠮᠡᠭᠳᠡᠯ ᠥᠷᠲᠡᠭ ᠤᠨ 91.9% ᠶᠢ ᠡᠵᠡᠯᠡᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠨᠢ ᠪᠥᠬᠦ ᠬᠤᠰᠢᠭᠤᠨ ᠤ ᠠᠵᠤ ᠦᠢᠯᠡᠳᠪᠦᠷᠢ ᠶᠢᠨ | ᠬᠦᠷᠢᠶᠡᠨ ᠳᠤ ᠬᠠᠷᠢᠴᠠᠯᠠᠰᠢᠭᠦᠢ ᠭᠤᠣᠯᠯᠠᠬᠤ ᠪᠠᠶᠢᠷᠢ ᠶᠢ ᠡᠵᠡᠯᠡᠵᠦ᠂ ᠨᠥᠯᠥᠭᠡᠯᠡᠬᠦ ᠬᠦᠴᠦᠨ ᠨᠢ ᠦᠷᠭᠦᠯᠵᠢᠯᠡᠨ ᠴᠢᠩᠭᠠᠷᠠᠪᠠ᠃ | ᠪᠥᠬᠦ ᠬᠤᠰᠢᠭᠤᠨ ᠤ ᠠᠷᠠᠳ ᠠᠴᠠ ᠡᠵᠡᠩᠨᠡᠭᠰᠡᠨ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠬᠡᠮᠵᠢᠶ᠎ᠡ 35.4 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.2% ᠢᠶᠠᠷ ᠨᠡᠮᠡᠭᠳᠡᠨ᠂ ᠠᠷᠠᠳ ᠠᠴᠠ ᠡᠵᠡᠩᠨᠡᠭᠰᠡᠨ ᠬᠠᠷᠢᠶ᠎ᠠ ᠠᠵᠢᠯ | ᠲᠥᠷᠥᠯ ᠳᠠᠬᠢ ᠡᠵᠡᠯᠡᠬᠦ ᠬᠤᠪᠢ ᠶᠢᠨ ᠵᠢᠩ ᠨᠢ 100% ᠳᠤ ᠬᠥᠷᠪᠡ᠃ ᠠᠷᠠᠳ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ | ᠬᠢ ᠠᠴᠠ 21.3% ᠪᠠᠷ ᠪᠠᠭᠤᠷᠠᠵᠤ᠂ ᠪᠦᠭᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ 57.3% ᠳᠤ ᠬᠦᠷᠴᠡᠢ᠃ | ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ 27 ᠡᠷᠦᠬᠡ ᠪᠣᠯᠵᠤ᠂ ᠬᠡᠪᠴᠢᠶᠡᠵᠢᠯ ᠠᠴᠠ | ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠠᠵᠤ ᠠᠬᠤᠶᠢᠯᠠᠯ ᠤᠨ ᠪᠥᠬᠦ ᠲᠣᠭᠠᠨ ᠤ 93.1% ᠶᠢ ᠡᠵᠡᠯᠡᠨ᠂ ᠡᠵᠡᠩᠨᠡᠯᠲᠡ ᠶᠢᠨ ᠣᠷᠣᠯᠭ᠎ᠠ ᠶᠢ 34.2 | ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠥᠬᠦ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠲᠠᠬᠢ ᠡᠵᠡᠯᠡᠬᠦ ᠬᠤᠪᠢ ᠶᠢᠨ ᠵᠢᠩ ᠨᠢ 98% ᠳᠤ | ᠬᠦᠷᠪᠡ᠃ | | | |