1-2 ᠳ᠋ᠤᠭᠠᠷ ᠰᠠᠷ᠎ᠠ ᠳᠤ ᠣᠲᠤᠭ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠥᠩᠬᠡᠢ ᠲᠣᠭᠠᠨ ᠤ ᠨᠡᠮᠡᠭᠳᠡᠯ ᠤᠨ ᠬᠤᠷᠳᠤᠴᠠ ᠪᠥᠬᠦ ᠬᠤᠲᠠ ᠳᠤ ᠬᠤᠶᠠᠳᠤᠭᠠᠷ ᠲᠤ ᠣᠷᠣᠪᠠ
ᠨᠡᠶᠢᠲᠡᠯᠡᠭᠰᠡᠨ ᠴᠠᠭ᠄
2024/4/12
      1-2 ᠳ᠋ᠤᠭᠠᠷ ᠰᠠᠷ᠎ᠠ ᠳᠤ᠂ ᠣᠲᠤᠭ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠪᠣᠳᠠᠰ ᠢ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠣᠭᠠᠨ ᠤ ᠨᠡᠮᠡᠭᠳᠡᠯ ᠤᠨ ᠬᠤᠷᠳᠤᠴᠠ ᠪᠥᠬᠦ ᠬᠤᠲᠠ ᠶᠢᠨ ᠬᠤᠶᠠᠳᠤᠭᠠᠷ ᠲᠤ ᠣᠷᠣᠪᠠ       2024 ᠣᠨ ᠤ 1- 2 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ 5.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 5% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠳᠤ ᠬᠤᠶᠠᠳᠤᠭᠠᠷ ᠲᠤ ᠣᠷᠣᠪᠠ᠃ ᠡᠭᠦᠨ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ  ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠲᠤᠭ᠎ᠠ 0.8 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 22.9% ᠪᠠᠷ ᠨᠡᠮᠡᠭᠳᠡᠪᠡ᠃      ᠨᠢᠭᠡ᠂ ᠦᠨᠳᠦᠰᠦᠨ ᠠᠷᠠᠳ ᠤᠨ ᠠᠮᠢᠳᠤᠷᠠᠯ ᠤᠨ ᠲᠥᠷᠥᠯ      1-2 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠶᠢᠨ ᠠᠮᠤ ᠪᠤᠳᠠᠭ᠎ᠠ᠂ ᠢᠳᠡᠭᠡᠨ ᠤ ᠵᠦᠢᠯ ᠠᠳᠠᠯᠢ ᠬᠤᠭᠤᠴᠠᠭᠠᠨ ᠤ ᠬᠢ ᠠᠴᠠ 47.4% ᠪᠠᠷ   ᠨᠡᠮᠡᠭᠳᠡᠪᠡ᠂ ᠡᠭᠦᠨ ᠳᠤ ᠠᠮᠤ ᠪᠤᠳᠠᠭ᠎ᠠ ᠲᠣᠰᠣᠨ ᠤ ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 94.6% ᠪᠠᠷ ᠨᠡᠮᠡᠭᠳᠡᠨ᠂ ᠮᠢᠬ᠎ᠠ ᠵᠢᠭᠦᠷᠲᠡᠨ ᠥᠨᠳᠡᠭᠡ ᠶᠢᠨ ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 97.8% ᠪᠠᠷ ᠨᠡᠮᠡᠭᠳᠡᠵᠦ᠂ ᠢᠳᠡᠰᠢᠨ ᠨᠣᠭᠤᠭᠠᠨ ᠤ ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 25.9% ᠪᠠᠷ ᠨᠡᠮᠡᠭᠳᠡᠨ᠂ ᠠᠷᠢᠬᠢ ᠲᠠᠮᠠᠬᠢᠨ ᠤ ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 27.5% ᠪᠠᠷ ᠨᠡᠮᠡᠭᠳᠡᠵᠦ᠂ ᠤᠮᠳᠠᠭᠠᠨ ᠤ ᠲᠥᠷᠥᠯ ᠤᠨ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 31.5% ᠪᠠᠷ ᠨᠡᠮᠡᠭᠳᠡᠵᠡᠢ᠃      ᠬᠤᠶᠠᠷ᠂ ᠲᠡᠰ ᠳᠡᠪᠰᠢᠬᠦ ᠲᠦᠷᠦᠯ ᠤᠨ ᠬᠡᠷᠡᠭᠯᠡᠭᠡ      ᠲᠠᠰ ᠳᠡᠪᠰᠢᠬᠦ ᠲᠥᠷᠥᠯ ᠤᠨ ᠲᠠᠸᠠᠷ ᠤᠨ ᠨᠡᠮᠡᠭᠳᠡᠯ ᠨᠡᠯᠢᠶᠡᠳ ᠲᠦᠷᠭᠡᠨ ᠪᠠᠶᠢᠵᠤ᠂ ᠪᠥᠭᠡᠮ ᠲᠠᠸᠠᠷ ᠤᠨ ᠬᠡᠷᠡᠭᠯᠡᠭᠡ ᠲᠠᠰᠤᠷᠠᠯᠲᠠ ᠦᠭᠡᠢ ᠦᠷᠭᠡᠳᠤᠨ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠲᠣᠭᠠᠨ ᠤ ᠳᠣᠲᠣᠷ᠎ᠠ᠂ ᠭᠡᠷ ᠤᠨ ᠴᠠᠬᠢᠯᠭᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ᠂ ᠴᠢᠮᠡᠭᠡ ᠨᠡᠪᠲᠡᠷᠡᠯᠭᠡ ᠶᠢᠨ ᠪᠠᠭᠠᠵᠢ ᠬᠡᠷᠡᠭᠰᠡᠯ ᠤᠨ ᠲᠥᠷᠥᠯ ᠲᠣᠰ ᠲᠣᠰ 15.5%᠂ 79.7% ᠪᠠᠷ ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡ 299.1% ᠪᠠᠷ ᠨᠡᠮᠡᠭᠳᠡᠪᠡ᠃      ᠭᠤᠷᠪᠠ᠂ ᠬᠤᠨᠤᠭ ᠤᠨ ᠭᠠᠵᠠᠷ ᠢᠳᠡᠭᠡᠨ ᠤᠮᠳᠠᠭᠠᠨ      ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠰᠠᠭᠤᠭᠠᠯᠢ ᠠᠷᠠᠳ ᠤᠨ ᠭᠠᠳᠠᠭᠰᠢ ᠭᠠᠷᠴᠤ ᠬᠤᠭᠤᠯᠠ ᠢᠳᠡᠬᠦ᠂ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠵᠣᠯᠭᠠᠬᠤ᠂ ᠵᠤᠭᠠᠴᠠᠵᠤ ᠰᠡᠯᠡᠭᠦᠴᠡᠬᠦ ᠵᠡᠷᠭᠡ ᠠᠵᠢᠯᠯᠠᠭ᠎ᠠ ᠢᠯᠡᠷᠬᠡᠢ ᠠᠷᠪᠢᠳᠴᠤ᠂ ᠮᠠᠨ ᠤ ᠬᠤᠰᠢᠭᠤᠨ ᠤ ᠬᠤᠨᠤᠭ ᠢᠳᠡᠭᠡᠨ ᠤᠮᠳᠠᠭᠠᠨ ᠤ ᠦᠢᠯᠡᠰ ᠤᠨ ᠣᠷᠣᠯᠭ᠎ᠠ ᠶᠢᠨ ᠨᠡᠯᠢᠶᠡᠳ ᠲᠦᠷᠭᠡᠨ ᠨᠡᠮᠡᠭᠳᠡᠬᠦ ᠶᠢ ᠬᠦᠴᠦᠲᠡᠢ ᠠᠬᠢᠭᠤᠯᠪᠠ᠃ 1-2 ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 29.8% ᠪᠠᠷ ᠨᠡᠮᠡᠭᠳᠡᠵᠦ᠂ ᠢᠳᠡᠭᠡᠨ ᠤᠮᠳᠠᠭᠠᠨ ᠤ ᠦᠢᠯᠡᠰ ᠠᠳᠠᠯᠢ ᠬᠤᠭᠤᠴᠠᠭᠠᠨ ᠤ ᠬᠢ ᠡ᠊ ᠴᠡ 27.4% ᠪᠠᠷ ᠨᠡᠮᠡᠭᠳᠡᠵᠡᠢ᠃      ᠶᠡᠷᠦᠩᠬᠡᠢ ᠳᠤᠨᠢ ᠠᠪᠴᠤ ᠦᠵᠡᠪᠡᠯ᠂ ᠮᠠᠨ ᠤ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠤᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ ᠶᠢᠨ ᠬᠠᠮᠲᠤ᠂ ᠪᠠᠰᠠ ᠣᠮᠲᠣᠭᠠᠶᠢᠯᠠᠵᠤ ᠪᠣᠯᠣᠰᠢ ᠦᠭᠡᠢ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠤ ᠨᠥᠯᠥᠭᠡᠯᠡᠯ ᠳᠤ ᠲᠤᠯᠭᠠᠷᠠᠵᠤ ᠪᠠᠶᠢᠨ᠎ᠠ᠃ ᠵᠠᠯᠭᠠᠭᠠᠳ᠂ ᠮᠠᠨ ᠤ ᠬᠤᠰᠢᠭᠤ ᠦᠷᠭᠦᠯᠵᠢᠯᠡᠨ ᠬᠦᠴᠦᠲᠡᠢ ᠠᠷᠭ᠎ᠠ ᠬᠡᠮᠵᠢᠶ᠎ᠡ ᠠᠪᠴᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠴᠢᠳᠠᠪᠤᠷᠢ ᠪᠠ ᠢᠲᠡᠭᠡᠯ ᠢ ᠳᠡᠭᠡᠭᠰᠢᠯᠡᠭᠦᠯᠵᠦ᠂ ᠬᠡᠷᠡᠭᠯᠡᠭᠡᠨ ᠤ ᠵᠠᠬ᠎ᠠ ᠳᠡᠯᠭᠡᠭᠦᠷ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃  
ᠢᠷᠡᠯᠲᠡ᠄ ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ