1-2 ᠳ᠋ᠤᠭᠠᠷ ᠰᠠᠷ᠎ᠠ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠢᠳᠡᠪᠬᠢᠲᠡᠢ ᠨᠡᠮᠡᠭᠳᠡᠬᠦ ᠬᠠᠨᠳᠤᠰᠢ ᠲᠠᠢ ᠪᠣᠯᠪᠠ
ᠨᠡᠶᠢᠲᠡᠯᠡᠭᠰᠡᠨ ᠴᠠᠭ᠄
2024/4/12
      1-2 ᠳ᠋ᠤᠭᠠᠷ ᠰᠠᠷ᠎ᠠ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠢᠳᠡᠪᠬᠢᠲᠡᠢ ᠨᠡᠮᠡᠭᠳᠡᠬᠦ ᠬᠠᠨᠳᠤᠰᠢ ᠲᠠᠢ ᠪᠣᠯᠪᠠ        2024 ᠣᠨ ᠤ ᠡᠬᠢᠨ ᠳᠤ᠂ ᠬᠤᠰᠢᠭᠤ ᠳᠠᠶᠠᠭᠠᠷ ᠢᠶᠠᠨ ᠲᠥᠷᠥᠯ ᠵᠦᠢᠯ ᠢ ᠰᠡᠷᠭᠦᠭᠡᠵᠦ ᠡᠬᠢᠯᠡᠭᠦᠯᠬᠦ ᠪᠠᠶᠢᠭᠤᠯᠤᠯᠲᠠ ᠶᠢᠨ ᠡᠷᠴᠢᠮ ᠢ ᠢᠳᠡᠪᠬᠢᠲᠡᠢ ᠠᠬᠢᠭᠤᠯᠵᠤ᠂ 1-2 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 14.7% ᠪᠠᠷ ᠨᠡᠮᠡᠭᠳᠡᠨ᠂ ᠪᠥᠬᠦ ᠤᠯᠤᠰ ᠤᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ︵4.2%︶ ᠠᠴᠠ ᠵᠠᠭᠤᠨ ᠤ 10.5 ᠬᠤᠪᠢ ᠳᠠᠪᠠᠵᠤ᠂ ᠢᠳᠡᠪᠬᠢᠲᠡᠢ ᠨᠡᠮᠡᠭᠳᠡᠯ ᠤᠨ ᠬᠠᠨᠳᠤᠰᠢ ᠲᠠᠢ ᠪᠣᠯᠵᠤ᠂ ᠪᠥᠬᠦ ᠵᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠡᠷᠭᠢᠯᠲᠡ ᠳᠤ ᠰᠠᠶᠢᠨ ᠰᠠᠭᠤᠷᠢ ᠶᠢ ᠲᠠᠯᠪᠢᠵᠤ ᠥᠭᠪᠡ᠃      ᠲᠣᠮᠣ ᠲᠥᠷᠥᠯ ᠵᠦᠢᠯ ᠤᠨ ᠰᠠᠭᠤᠷᠢ ᠪᠣᠯᠬᠤ ᠦᠢᠯᠡᠳᠦᠯ ᠲᠣᠪᠣᠶᠢᠮ᠎ᠠ ᠪᠣᠯᠪᠠ       2 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠪᠥᠬᠦ ᠬᠤᠰᠢᠭᠤᠨ ᠤ ᠬᠥᠮᠥᠷᠭᠡ ᠳᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ 64 ︵ᠭᠡᠷ ᠪᠠᠶᠢᠰᠢᠩ ᠭᠠᠵᠠᠷ ᠬᠥᠷᠥᠩᠭᠡ ᠶᠢᠨ 7 ᠲᠥᠷᠥᠯ ᠵᠦᠢᠯ  ᠪᠠᠭᠲᠠᠨ᠎ᠠ︶ ᠪᠠᠶᠢᠵᠤ᠂ ᠡᠭᠦᠨ ᠳᠤ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠥᠷᠥᠯ ᠵᠦᠢᠯ 31 ᠪᠠᠶᠢᠵᠤ᠂ ᠪᠡᠯᠡ ᠣᠷᠣᠭᠤᠯᠤᠯᠲᠠ ᠶᠢᠨ ᠬᠡᠮᠵᠢᠶ᠎ᠡ ᠨᠢ ᠪᠥᠬᠦ ᠬᠤᠰᠢᠭᠤᠨ ᠤ ᠪᠡᠯᠡ ᠣᠷᠣᠭᠤᠯᠤᠯᠲᠠ ᠶᠢᠨ 96.7% ᠶᠢ ᠡᠵᠡᠯᠡᠨ᠂ ᠠᠳᠠᠯᠢ ᠬᠤᠭᠤᠴᠠᠭᠠᠨ ᠤ ᠬᠢ ᠠᠴᠠ 25.5% ᠪᠠᠷ ᠨᠡᠮᠡᠭᠳᠡᠵᠦ᠂ ᠪᠥᠬᠦ ᠬᠤᠰᠢᠭᠤᠨ ᠤ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 22.6   ᠬᠤᠪᠢ ᠠᠬᠢᠭᠤᠯᠤᠨ᠂ ᠲᠣᠮᠣ ᠲᠥᠷᠥᠯ ᠵᠦᠢᠯ ᠤᠨ ᠰᠠᠭᠤᠷᠢ ᠪᠣᠯᠬᠤ ᠦᠢᠯᠡᠳᠦᠯ ᠢᠯᠡᠳᠲᠡ ᠪᠣᠯᠪᠠ᠃      ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠲᠠᠲᠠᠬᠤ ᠬᠦᠴᠦᠨ ᠴᠢᠩᠭᠠᠷᠠᠪᠠ      1-2 ᠳ᠋ᠤᠭᠠᠷ ᠰᠠᠷ᠎ᠠ ᠳᠤ᠂ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠪᠥᠬᠦ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 77.4% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.7 ᠳᠠᠬᠢᠨ ᠨᠡᠮᠡᠭᠳᠡᠨ᠂ ᠪᠥᠬᠦ ᠬᠤᠰᠢᠭᠤᠨ ᠤ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠠᠴᠠ ᠵᠠᠭᠤᠨ ᠤ 459.1 ᠬᠤᠪᠢ ᠥᠨᠳᠥᠷ ᠪᠣᠯᠵᠤ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 73.3 ᠬᠤᠪᠢ ᠳᠠᠶᠢᠴᠢᠯᠠᠪᠠ᠃ ᠭᠤᠣᠯ ᠲᠤᠯᠭᠠᠭᠤᠷᠢᠯᠠᠯ ᠤᠨ ᠲᠦᠷᠦᠯ ᠵᠦᠢᠯ ᠳᠤ ᠱᠤᠸᠠᠩ ᠰᠢᠨ ᠴᠠᠬᠢᠯᠭᠠᠨ ᠬᠦᠴᠦᠨ ᠤ ᠬᠦᠢᠲᠡᠨ ᠢᠶᠠᠷ ᠤᠰᠤ ᠠᠷᠪᠢᠯᠠᠬᠤ ᠲᠦᠷᠦᠯ ᠵᠦᠢᠯ᠂ 10 ᠲᠦᠮᠡᠨ ᠲᠣᠨ ᠠᠨᠲᠷᠠᠼᠧᠨ ᠲᠣᠰᠣ ᠶᠢ ᠨᠠᠷᠢᠯᠢᠭ ᠪᠣᠯᠪᠠᠰᠤᠷᠠᠭᠤᠯᠬᠤ ᠲᠦᠷᠦᠯ ᠵᠦᠢᠯ᠂ ᠳ᠋ᠦᠩ ᠿᠢ ᠨᠦᠳᠦᠵᠦ ᠬᠡᠦᠷᠰᠢᠭᠦᠯᠬᠦ ᠲᠦᠷᠦᠯ ᠵᠦᠢᠯ ᠵᠡᠷᠭᠡ ᠪᠤᠢ᠃      ᠳᠡᠭᠡᠳᠦ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢᠨ ᠨᠦᠭᠡᠴᠡ ᠬᠦᠴᠦᠨ ᠴᠢᠩᠭᠠᠷᠠᠪᠠ      1-2 ᠳ᠋ᠤᠭᠠᠷ ᠰᠠᠷ᠎ᠠ ᠳᠤ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠪᠥᠬᠦ ᠬᠤᠰᠢᠭᠤᠨ ᠤ ᠪᠡᠯᠡ ᠣᠷᠣᠭᠤᠯᠤᠯᠲᠠ ᠳᠠᠬᠢ ᠡᠵᠡᠯᠡᠬᠦ ᠬᠤᠪᠢ ᠶᠢᠨ ᠵᠢᠩ ᠨᠢ 0.9% ᠪᠠᠶᠢᠵᠤ᠂ ᠠᠳᠠᠯᠢ ᠬᠤᠭᠤᠴᠠᠭᠠᠨ ᠤ ᠬᠢ ᠠᠴᠠ 7.9 ᠳᠠᠬᠢᠨ ᠨᠡᠮᠡᠭᠳᠡᠨ᠂ ᠪᠥᠬᠦ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 0.9 ᠬᠤᠪᠢ ᠳᠠᠶᠢᠴᠢᠯᠠᠪᠠ᠃ ᠡᠭᠦᠨ ᠳᠤ᠂ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠪᠡᠯᠡ ᠣᠷᠣᠭᠤᠯᠤᠯᠲᠠ ᠶᠢᠨ ᠡᠵᠡᠯᠡᠬᠦ ᠬᠠᠷᠢᠴᠠᠯ 100% ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 100% ᠪᠠᠷ ᠨᠡᠮᠡᠭᠳᠡᠨ᠂ ᠪᠥᠬᠦ ᠬᠤᠰᠢᠭᠤᠨ ᠤ ᠪᠡᠯᠡ ᠣᠷᠣᠭᠤᠯᠤᠯᠲᠠ ᠶᠢᠨ ᠨᠡᠮᠡᠭᠳᠡᠯ ᠢ ᠵᠠᠭᠤᠨ ᠤ 1.0 ᠬᠤᠪᠢ ᠳᠠᠶᠢᠴᠢᠯᠠᠵᠤ᠂ ᠪᠥᠬᠦ ᠬᠤᠰᠢᠭᠤᠨ ᠤ ᠳᠡᠭᠡᠳᠦ ᠮᠡᠷᠭᠡᠵᠢᠯ ᠤᠨ ᠠᠵᠤ ᠦᠢᠯᠡᠰ ᠤᠨ ᠲᠠᠰᠤᠷᠠᠯᠲᠠ ᠦᠭᠡᠢ ᠰᠠᠶᠢᠵᠢᠷᠠᠨ ᠬᠥᠭᠵᠢᠬᠦ ᠶᠢ ᠠᠬᠢᠭᠤᠯᠪᠠ᠃  
ᠢᠷᠡᠯᠲᠡ᠄ ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ