ᠣᠲᠤᠭ ᠬᠤᠰᠢᠭᠤᠨ ᠤ 2024 ᠣᠨ ᠤ 1- 2 ᠳ᠋ᠤᠭᠠᠷ ᠰᠠᠷ᠎ᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠤᠨ ᠲᠣᠪᠴᠢ ᠵᠠᠳᠠᠯᠤᠯᠲᠠ
ᠨᠡᠶᠢᠲᠡᠯᠡᠭᠰᠡᠨ ᠴᠠᠭ᠄
2024/4/12
      ᠣᠲᠤᠭ ᠬᠤᠰᠢᠭᠤᠨ ᠤ 2024 ᠣᠨ ᠤ 1- 2 ᠳ᠋ᠤᠭᠠᠷ ᠰᠠᠷ᠎ᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠤᠨ ᠲᠣᠪᠴᠢ ᠵᠠᠳᠠᠯᠤᠯᠲᠠ      2024 ᠣᠨ ᠤ 1- 2 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠶᠢ 177.7 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠡᠵᠡᠩᠨᠡᠯᠲᠡ ᠶᠢᠨ ᠥᠪᠡᠷ ᠤᠨ ᠦᠷᠳᠡᠭ 146.7 ᠳ᠋ᠦᠩᠰᠢᠭᠤᠷ ᠲᠥᠭᠦᠷᠢᠭ︔ ᠪᠡᠯᠡ ᠣᠷᠣᠭᠤᠯᠤᠯᠲᠠ ᠶᠢᠨ ᠠᠰᠢᠭ ᠣᠷᠣᠯᠭ᠎ᠠ 2.5 ᠳ᠋ᠦᠩᠰᠢᠭᠤᠷ ᠲᠥᠭᠦᠷᠢᠭ︔ ᠡᠵᠡᠩᠨᠡᠯᠲᠡ ᠶᠢᠨ ᠠᠰᠢᠭ ᠬᠤᠨᠵᠢᠪᠤᠷᠢ ᠶᠢ 7.4 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠨᠡᠶᠢᠲᠡ 6.9 ᠳ᠋ᠦᠩᠰᠢᠭᠤᠷ ᠲᠥᠭᠦᠷᠢᠭ ᠤᠨ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ ᠶᠢ ᠪᠡᠶᠡᠯᠡᠭᠦᠯᠪᠡ︔ ᠲᠤᠰᠢᠶᠠᠭᠰᠠᠨ ᠭᠠᠶᠢᠯᠢ ᠶᠢᠨ ᠮᠥᠩᠭᠦ ᠶᠢᠨ ᠶᠡᠷᠦᠩᠬᠡᠢ ᠲᠤᠭ᠎ᠠ 3.7 ᠳ᠋ᠦᠩᠰᠢᠭᠤᠷ ᠲᠥᠭᠦᠷᠢᠭ ᠲᠤ ᠬᠦᠷᠴᠡᠢ᠃      ᠴᠠᠭᠠᠨ ᠰᠠᠷ᠎ᠠ ᠶᠢᠨ ᠠᠮᠠᠷᠠᠯᠲᠠ ᠶᠢᠨ ᠨᠥᠯᠥᠭᠡ ᠠᠴᠠ ᠪᠣᠯᠵᠤ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠪᠠ ᠡᠵᠡᠩᠨᠡᠯᠲᠡ ᠶᠢᠨ ᠠᠰᠢᠭ ᠬᠤᠨᠵᠢᠪᠤᠷᠢ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠭ᠎ᠠ ᠬᠡᠮᠵᠢᠶ᠎ᠡ ᠪᠠᠷ ᠪᠠᠭᠤᠷᠠᠪᠠ᠃ ᠠᠭᠤᠷᠬᠠᠢ ᠮᠠᠯᠲᠠᠬᠤ ᠦᠢᠯᠡᠰ ᠤᠨ ᠡᠵᠡᠩᠨᠡᠯᠲᠡ ᠶᠢᠨ ᠣᠷᠣᠯᠭ᠎ᠠ 62.7 ᠳ᠋ᠦᠩᠰᠢᠭᠤᠷ ᠲᠥᠭᠦᠷᠢᠭ ᠲᠤ ᠬᠦᠷᠴᠦ᠂ ᠡᠵᠡᠩᠨᠡᠯᠲᠡ ᠶᠢᠨ ᠠᠰᠢᠭ ᠬᠤᠨᠵᠢᠪᠤᠷᠢ ᠶᠢ 6.2 ᠳ᠋ᠦᠩᠰᠢᠭᠤᠷ ᠲᠥᠭᠦᠷᠢᠭ ᠪᠡᠶᠡᠯᠡᠭᠦᠯᠦᠨ᠂ ᠣᠷᠣᠯᠭ᠎ᠠ ᠶᠢ ᠨᠡᠯᠢᠶᠡᠳ ᠲᠣᠭᠲᠠᠭᠤᠨ ᠪᠠᠶᠢᠯᠭᠠᠪᠠ︔ ᠦᠢᠯᠡᠳᠬᠦ ᠦᠢᠯᠡᠰ ᠤᠨ ᠡᠵᠡᠩᠨᠡᠯᠲᠡ ᠶᠢᠨ ᠣᠷᠣᠯᠭ᠎ᠠ 88.4 ᠳ᠋ᠦᠩᠰᠢᠭᠤᠷ ᠲᠥᠭᠦᠷᠢᠭ᠂ ᠡᠵᠡᠩᠨᠡᠯᠲᠡ ᠶᠢᠨ ᠠᠰᠢᠭ ᠬᠤᠨᠵᠢᠪᠤᠷᠢ -1.7 ᠳ᠋ᠦᠩᠰᠢᠭᠤᠷ ᠲᠥᠭᠦᠷᠢᠭ ᠲᠤ ᠬᠦᠷᠴᠦ᠂ ᠰᠥᠭᠡᠷᠭᠦ ᠨᠡᠮᠡᠭᠳᠡᠯ ᠤᠨ ᠪᠠᠶᠢᠳᠠᠯ ᠢᠯᠡᠷᠡᠪᠡ︔ ᠴᠠᠬᠢᠯᠭᠠᠨ ᠬᠦᠴᠦ᠂ ᠢᠯᠴᠢ ᠬᠠᠩᠭᠠᠯᠭ᠎ᠠ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ 26.8 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 21.3% ᠪᠠᠷ ᠨᠡᠮᠡᠭᠳᠡᠨ᠂ ᠡᠵᠡᠩᠨᠡᠯᠲᠡ ᠶᠢᠨ ᠠᠰᠢᠭ ᠬᠤᠨᠵᠢᠪᠤᠷᠢ 2.9 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠬᠢ ᠠᠴᠠ 583% ᠪᠠᠷ ᠨᠡᠮᠡᠭᠳᠡᠨ᠂ ᠨᠡᠮᠡᠭᠳᠡᠯ ᠤᠨ ᠪᠠᠶᠢᠳᠠᠯ ᠨᠡᠯᠢᠶᠡᠳ ᠲᠦᠷᠭᠡᠨ ᠪᠣᠯᠪᠠ᠃ 
ᠢᠷᠡᠯᠲᠡ᠄ ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ