ᠰᠤ᠋ ᡁᠢ ᠰᠢᠶᠦ᠋ᠡᠭ ᠬᠠᠩᠵᠧᠦ᠂ ᠵᠢᠶ᠋ᠨ ᠰᠢᠩ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠬᠠᠮᠲᠤ ᠣᠷᠢᠶᠠᠮᠠᠭ ᠵᠠᠮᠠᠭ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠬᠠᠮᠲᠤᠷᠠᠭᠰᠠᠨ ᠰᠤᠳᠤᠯᠭᠠᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/4/15
      4 ᠳ᠋ᠦ᠋ᠭᠡᠷ ᠰᠠᠷ᠎ᠠ ᠶᠢᠨ 11 ᠤ ᠡᠳᠦᠷ ᠠᠴᠠ 13 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠡᠭ ᠵᠧᠵᠢᠶᠠᠩ ᠮᠤᠵᠢ ᠶᠢᠨ ᠬᠠᠩᠵᠧᠦ ᠬᠤᠲᠠ᠂ ᠵᠢᠶ᠋ᠨ ᠰᠢᠩ ᠬᠤᠲᠠ ᠳᠤ ᠬᠦᠷᠴᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠬᠠᠮᠲᠤ ᠣᠷᠢᠶᠠᠮᠠᠭ ᠵᠠᠮᠠᠭ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠬᠠᠮᠲᠤᠷᠠᠭᠰᠠᠨ ᠰᠤᠳᠤᠯᠭᠠᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠤ᠂ ᠬᠠᠮᠲᠤᠷᠠᠯᠴᠠᠭᠠᠨ ᠤ ᠲᠥᠷᠥᠯ ᠵᠦᠢᠯ ᠢ ᠭᠦᠨᠵᠡᠭᠡᠢ ᠶᠠᠷᠢᠯᠴᠠᠨ᠂ ᠴᠢᠳᠠᠪᠤᠷᠢᠲᠠᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠣᠨ ᠠᠯᠤᠰᠯᠠᠭᠰᠠᠨ ᠪᠦᠲᠦᠭᠡᠨ ᠪᠠᠶᠢᠭᠤᠯᠤᠯᠲᠠ ᠶᠢ ᠠᠬᠢᠭᠤᠯᠪᠠ᠃ ᠯᠢ ᡁᠢ ᠪᠢᠶᠣᠣ᠂ ᠦ᠋ ᠶᠦᠩ ᠨᠢᠩ ᠪᠣᠯᠣᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠪᠠ᠃      ᠰᠤ᠋ ᡁᠢ ᠰᠢᠶᠦ᠋ᠡᠭ ᠬᠠᠩᠵᠧᠦ ᠬᠤᠲᠠ ᠳᠤ ᠬᠦᠷᠴᠦ᠂ ᠬᠤᠩ ᠱᠢ ᠪᠦᠯᠦᠭᠯᠡᠯ ᠤᠨ ᠳᠡᠭᠡᠳᠦ ᠵᠡᠷᠭᠡ ᠶᠢᠨ ᠳᠡᠳ᠋ ᠶᠡᠷᠦᠩᠬᠡᠢ ᠵᠠᠬᠢᠷᠤᠯ ᠵᠦ ᠷᠦᠢ ᠵᠢᠶᠦ᠋ᠨ ᠲᠠᠢ ᠠᠭᠤᠯᠵᠠᠨ᠂ ᠬᠤᠶᠠᠷ ᠲᠠᠯ᠎ᠠ ᠪᠠᠷ ᠢᠶᠠᠨ ᠴᠠᠬᠢᠭᠤᠷ ᠢᠶᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠭᠦᠨᠵᠡᠭᠡᠢ ᠵᠥᠪᠳᠡᠯᠴᠡᠵᠦ᠂ ᠪᠡᠯᠡ ᠣᠷᠣᠭᠤᠯᠤᠯᠲᠠ ᠶᠢᠨ ᠬᠡᠯᠡᠯᠴᠡᠭᠡᠷ ᠤᠨ ᠪᠣᠳᠠᠲᠠᠢ ᠵᠦᠢᠯᠡᠰ ᠢ ᠨᠠᠷᠢᠨ ᠣᠶᠢᠯᠠᠭᠠᠵᠤ ᠰᠠᠨᠠᠯ ᠨᠢᠭᠡᠳᠪᠡ᠃ ᠰᠤ᠋ ᡁᠢ ᠰᠢᠶᠦ᠋ᠡᠭ ᠬᠡᠯᠡᠬᠦ ᠳᠡᠭᠡᠨ᠂ ᠬᠤᠩ ᠱᠢ ᠪᠦᠯᠦᠭᠯᠡᠯ ᠤᠨ ᠴᠠᠬᠢᠭᠤᠷ ᠢᠶᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠲᠦᠷᠦᠯ ᠵᠦᠢᠯ ᠨᠢ ᠤᠲᠤᠭ ᠬᠤᠰᠢᠭᠤᠨ ᠤ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ᠂ ᠬᠥᠭᠵᠢᠯᠲᠡ ᠶᠢᠨ ᠴᠢᠭᠯᠡᠯ ᠲᠠᠢ ᠳᠡᠭᠡᠳᠦ ᠬᠡᠮᠵᠢᠶ᠎ᠡ ᠪᠠᠷ ᠲᠣᠬᠢᠷᠠᠯᠴᠠᠵᠤ᠂ ᠤᠯᠤᠰ ᠤᠨ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢ ᠬᠠᠮᠲᠤᠪᠠᠷ ᠨᠠᠶᠢᠳᠠᠪᠤᠷᠢᠵᠢᠭᠤᠯᠬᠤ ᠪᠠ ᠭᠠᠵᠠᠷ ᠣᠷᠣᠨ ᠤ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠂ ᠬᠤᠶᠠᠷ ᠲᠠᠯ᠎ᠠ ᠪᠠᠷ ᠢᠶᠠᠨ ᠰᠠᠨᠠᠯ ᠨᠢᠭᠡᠳᠦᠭᠰᠡᠨ ᠪᠠ ᠡᠮᠦᠨᠡᠬᠢ ᠬᠤᠭᠤᠴᠠᠭᠠᠨ ᠤ ᠭᠦᠨᠵᠡᠭᠡᠢ ᠰᠢᠨᠵᠢᠯᠡᠨ ᠪᠠᠶᠢᠴᠠᠭᠠᠯᠲᠠ ᠬᠢᠭᠰᠡᠨ ᠰᠠᠭᠤᠷᠢᠨ ᠳᠡᠭᠡᠷ᠎ᠡ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠨ ᠠᠬᠢᠭᠤᠯᠵᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠪᠦᠷᠢᠯᠳᠦᠭᠦᠯᠦᠨ᠂ ᠬᠠᠷᠢᠯᠴᠠᠨ ᠠᠰᠢᠭᠲᠠᠢ ᠪᠠᠶᠢᠵᠦ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠤᠲᠤᠭ ᠬᠤᠰᠢᠭᠤ ᠠᠵᠤ ᠠᠬᠤᠶᠢᠯᠠᠯ ᠲᠠᠢ ᠬᠠᠮᠵᠢᠯᠴᠠᠨ ᠬᠦᠴᠢᠷᠳᠡᠯ ᠢ ᠰᠢᠢᠳᠪᠦᠷᠢᠯᠡᠵᠦ᠂ ᠲᠡᠷᠢᠭᠦᠨ ᠤ ᠦᠢᠯᠡᠴᠢᠯᠡᠭᠡ ᠬᠠᠩᠭᠠᠨ᠂ ᠲᠡᠷᠢᠭᠦᠨ ᠤ ᠨᠥᠬᠦᠴᠡᠯ ᠢ ᠡᠭᠦᠳᠴᠦ᠂ ᠲᠡᠷᠢᠭᠦᠨ ᠤ ᠣᠷᠴᠢᠨ ᠲᠣᠭᠤᠷᠢᠨ ᠢ ᠪᠤᠢ ᠪᠣᠯᠭᠠᠨ᠂ ᠠᠵᠤ ᠦᠢᠯᠡᠰ  ᠤᠨ ᠴᠤᠭᠯᠠᠷᠠᠯ ᠤᠨ ᠦᠢᠯᠡᠳᠦᠯ ᠢ ᠬᠦᠴᠦᠯᠡᠨ ᠪᠠᠳᠠᠷᠠᠭᠤᠯᠵᠤ᠂ ᠨᠡᠩ ᠭᠦᠨ ᠳᠠᠪᠬᠤᠷᠭ᠎ᠠ᠂ ᠨᠡᠩ ᠥᠷᠭᠡᠨ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠥᠷᠭᠡᠳᠬᠡᠨ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠥᠨᠳᠦᠷᠯᠢᠭ ᠢ ᠬᠦᠴᠦ ᠪᠠᠨ ᠬᠠᠮᠲᠤᠳᠬᠠᠵᠤ ᠴᠣᠭᠴᠠᠯᠠᠨ ᠪᠠᠶᠢᠭᠤᠯᠤᠨ᠎ᠠ ᠭᠡᠪᠡ᠃      ᠰᠤ᠋ ᡁᠢ ᠰᠢᠶᠦ᠋ᠡᠭ ᠵᠢᠶ᠋ᠨ ᠰᠢᠩ ᠬᠤᠲᠠ ᠶᠢᠨ ᠵᠧᠵᠢᠶᠠᠩ ᠶᠡᠭᠡ ᠰᠤᠷᠭᠠᠭᠤᠯᠢ ᠶᠢᠨ ᠤᠯᠠᠨ ᠤᠯᠤᠰ ᠤᠨ ᠬᠤᠯᠪᠣᠭᠠᠲᠤ ᠳᠡᠭᠡᠳᠦ ᠰᠤᠷᠭᠠᠭᠤᠯᠢ ᠳᠤ ᠬᠦᠷᠴᠦ᠂ ᠰᠤᠷᠭᠠᠭᠤᠯᠢ ᠡᠷᠬᠢᠯᠡᠭᠰᠡᠡ ᠥᠩᠭᠡᠷᠡᠯᠲᠡ᠂ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ᠂ ᠰᠢᠨᠵᠢᠯᠡᠭᠡᠨ ᠤ ᠰᠠᠯᠠᠭ᠎ᠠ ᠶᠢᠨ ᠬᠥᠭᠵᠢᠯᠲᠡ᠂ ᠰᠤᠷᠤᠭᠴᠢᠳ ᠢ ᠬᠥᠮᠥᠵᠢᠭᠦᠯᠦᠭᠰᠡᠨ᠂ ᠪᠠᠭᠰᠢ ᠶᠢ ᠤᠷᠢᠨ ᠠᠪᠴᠢᠷᠠᠭᠰᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠰᠢᠨ᠎ᠡ ᠶᠢ ᠡᠭᠦᠳᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠨ᠂ ᠣᠷᠢᠶᠠᠮᠠᠭ ᠵᠠᠮᠠᠭ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠬᠠᠮᠲᠤᠷᠠᠭᠰᠠᠨ ᠰᠤᠳᠤᠯᠭᠠᠨ ᠤ ᠲᠥᠪ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠴᠦ ᠬᠤᠪᠢᠷᠠᠭᠤᠯᠤᠭᠰᠠᠨ ᠦᠷ᠎ᠡ ᠪᠦᠲᠦᠭᠡᠯ ᠢ ᠲᠤᠬᠠᠢ ᠶᠢᠨ ᠲᠠᠯᠠᠪᠠᠢ ᠳᠤ ᠪᠠᠶᠢᠴᠠᠭᠠᠨ ᠦᠵᠡᠭᠰᠡᠨ ᠪᠥᠭᠡᠳ ᠵᠧᠦ ᠮᠢᠨ ᠫᠷᠦᠹᠧᠰᠰᠤᠷ ᠤᠨ ᠪᠦᠯᠬᠦᠮ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠲᠡᠷᠡ ᠬᠡᠯᠡᠬᠦ ᠳᠡᠭᠡᠨ᠂ ᠣᠷᠢᠶᠠᠮᠠᠭ ᠵᠠᠮᠠᠭ ᠤᠨ ᠠᠮᠢᠳᠤ ᠪᠣᠳᠠᠰ ᠤᠨ ᠡᠮ ᠡᠮᠨᠡᠯᠭᠡ ᠶᠢᠨ ᠬᠠᠮᠲᠤᠷᠠᠭᠰᠠᠨ ᠰᠤᠳᠤᠯᠭᠠᠨ ᠤ ᠲᠥᠪ ᠪᠣᠯ ᠣᠲᠤᠭ ᠬᠤᠰᠢᠭᠤᠨ ᠤ ᠰᠢᠨ᠎ᠡ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠬᠡᠷᠡᠭᠵᠢᠭᠦᠯᠬᠦ ᠪᠣᠳᠠᠲᠠᠢ ᠠᠷᠭ᠎ᠠ ᠬᠡᠮᠵᠢᠶ᠎ᠡ ᠮᠥᠨ᠂ ᠪᠠᠰᠠ ᠴᠦ ᠣᠷᠳᠣᠰ ᠤᠨ ᠴᠢᠳᠠᠪᠤᠷᠢᠲᠠᠨ ᠪᠣᠯᠣᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠨᠠᠶᠢᠳᠠᠪᠤᠷᠢᠵᠢᠭᠤᠯᠬᠤ ᠪᠣᠳᠠᠲᠠᠢ ᠠᠵᠢᠯᠯᠠᠭ᠎ᠠ ᠮᠥᠨ᠃ ᠬᠠᠮᠲᠤᠷᠠᠭᠰᠠᠨ ᠰᠤᠳᠤᠯᠭᠠᠨ ᠤ ᠲᠥᠪ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠳᠡᠮᠵᠢᠵᠦ᠂ ᠬᠥᠭᠵᠢᠭᠰᠡᠨ ᠭᠠᠵᠠᠷ ᠣᠷᠣᠨ ᠤ  ᠣᠶᠤᠨ ᠤᠬᠠᠭᠠᠨ ᠲᠥᠪᠯᠡᠷᠡᠭᠰᠡᠨ᠂ ᠰᠢᠰᠲ᠋ᠧᠮ ᠲᠡᠭᠦᠯᠳᠡᠷᠵᠢᠭᠰᠡᠨ ᠵᠡᠷᠭᠡ ᠢᠯᠡᠳᠲᠡ ᠳᠠᠪᠠᠭᠤᠯᠢᠭ ᠲᠤ ᠭᠦᠢᠴᠡᠳ ᠲᠦᠰᠢᠭᠯᠡᠨ᠂ ᠣᠷᠢᠶᠠᠮᠠᠭ ᠵᠠᠮᠠᠭ ᠤᠨ ᠠᠵᠤ ᠦᠢᠯᠡᠰ ᠢ ᠠᠮᠢᠳᠤ ᠪᠣᠳᠠᠰ ᠤᠨ ᠡᠮ ᠡᠮᠨᠡᠯᠭᠡ ᠵᠡᠷᠭᠡ ᠳᠡᠭᠡᠳᠦ ᠳᠡᠰ ᠤᠨ ᠬᠦᠷᠢᠶ᠎ᠡ ᠲᠡᠰᠢ ᠥᠷᠭᠡᠳᠬᠡᠬᠦ ᠶᠢ ᠠᠬᠢᠭᠤᠯᠬᠤ ᠪᠠᠷ ᠪᠠᠷᠠᠬᠤ ᠦᠭᠡᠢ᠂ ᠨᠡᠩ ᠴᠤ ᠭᠠᠵᠠᠷ ᠣᠷᠣᠨ ᠤ ᠬᠥᠭᠵᠢᠯᠲᠡ ᠳᠤ ᠰᠢᠨ᠎ᠡ ᠣᠶᠢᠯᠠᠭᠠᠭᠳᠠᠬᠤᠨ ᠢ ᠣᠷᠣᠭᠤᠯᠤᠨ ᠠᠪᠴᠢᠷᠠᠵᠤ᠂ ᠰᠢᠨ᠎ᠡ ᠵᠠᠭᠪᠤᠷ ᠢ ᠰᠦᠪᠡᠭᠴᠢᠯᠡᠨ᠎ᠡ᠃ ᠬᠠᠮᠲᠤᠷᠠᠭᠰᠠᠨ ᠰᠤᠳᠤᠯᠭᠠᠨ ᠤ ᠲᠥᠪ ᠤᠨ ᠬᠢᠨ ᠠᠵᠤ ᠦᠢᠯᠡᠰ ᠤᠨ ᠬᠡᠯᠪᠡᠷᠢ ᠶᠢᠨ ᠬᠤᠪᠢᠷᠠᠭᠤᠯᠤᠯᠲᠠ ᠪᠠ ᠬᠥᠭᠵᠢᠯᠲᠡ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠨ᠂ ᠨᠡᠩ ᠤᠯᠠᠨ ᠪᠡᠯᠭᠡ ᠲᠡᠮᠳᠡᠭ ᠤᠨ ᠴᠢᠨᠠᠷᠲᠠᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠴᠢᠷᠮᠠᠶᠢᠨ ᠡᠭᠦᠳᠴᠦ᠂ ᠨᠡᠩ ᠤᠯᠠᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠤᠪᠢᠷᠠᠭᠤᠯᠤᠨ ᠬᠡᠷᠡᠭᠯᠡᠬᠦ ᠶᠢ ᠠᠬᠢᠭᠤᠯᠤᠨ᠂ ᠭᠠᠵᠠᠷ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠭᠡᠪᠡ᠃ 
ᠢᠷᠡᠯᠲᠡ᠄ ᠣᠲᠤᠭ ᠨᠡᠶᠢᠲᠡᠯᠡᠯ