3 ᠰᠠᠷ᠎ᠠ ᠠᠴᠠ ᠡᠬᠢᠯᠡᠨ ᠡᠳᠡᠭᠡᠷ ᠰᠢᠨ᠎ᠡ ᠲᠣᠭᠲᠠᠭᠠᠯ ᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/4/16
      ︽ᠲᠠᠩᠰᠠ ᠡᠪᠬᠡᠮᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾       ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠩᠰᠠ ᠡᠪᠬᠡᠮᠡᠯ ᠤᠨ ᠬᠠᠤᠯᠢ ᠶᠢ ᠬᠡᠷᠡᠭᠵᠢᠭᠦᠯᠬᠦ ᠳᠦᠷᠢᠮ︾ ᠢ 3 ᠰᠠᠷ᠎ᠠ ᠶᠢᠨ 1 ᠠᠴᠠ ᠡᠬᠢᠯᠡᠵᠦ ᠬᠡᠷᠡᠭᠵᠢᠭᠦᠯᠪᠡ᠃ ︽ᠬᠡᠷᠡᠭᠵᠢᠭᠦᠯᠬᠦ ᠳᠦᠷᠢᠮ︾ ᠨᠢ ᠨᠡᠶᠢᠲᠡ 8 ᠪᠦᠯᠦᠭ 52 ᠵᠤᠷᠪᠤᠰ ᠲᠠᠢ ᠪᠠᠶᠢᠵᠤ᠂ ᠲᠠᠩᠰᠠ ᠡᠪᠬᠡᠮᠡᠯ ᠤᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠬᠦ᠂ ᠲᠠᠩᠰᠠ ᠡᠪᠬᠡᠮᠡᠯ ᠢ ᠬᠤᠷᠢᠶᠠᠨ ᠴᠤᠭᠯᠠᠭᠤᠯᠵᠤ ᠬᠠᠮᠢᠶᠠᠷᠬᠤ ᠶᠢ ᠵᠢᠷᠤᠮᠵᠢᠭᠤᠯᠬᠤ᠂ ᠲᠠᠩᠰᠠ ᠡᠪᠬᠡᠮᠡᠯ ᠢ ᠬᠠᠳᠠᠭᠠᠯᠠᠨ ᠬᠠᠮᠢᠶᠠᠷᠬᠤ ᠳᠦᠷᠢᠮ ᠢ ᠪᠦᠷᠢᠨᠰᠢᠭᠦᠯᠬᠦ᠂ ᠨᠡᠭᠡᠭᠡᠨ ᠠᠰᠢᠭᠯᠠᠬᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠬᠤ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠲᠣᠭᠲᠠᠭᠠᠵᠠᠢ᠃       ᠺᠤᠮᠫᠠᠨᠢ ᠶᠢᠨ ᠡᠳ᠋ ᠬᠥᠷᠥᠩᠭᠡ ᠶᠢ ᠬᠢᠮᠳᠠ ᠪᠠᠷ ᠬᠤᠳᠠᠯᠳᠤᠪᠠᠯ ᠶᠠᠯᠠᠳᠠᠨ᠎ᠠ       ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ﹀ ᠳᠤ ᠲᠣᠭᠲᠠᠭᠠᠭᠰᠠᠨ ᠶᠠᠯ᠎ᠠ ᠶᠢᠨ ᠨᠡᠷ᠎ᠡ ᠶᠢ ᠬᠡᠷᠡᠭᠵᠢᠭᠦᠯᠬᠦ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠨᠥᠬᠦᠪᠦᠷᠢ ᠲᠣᠭᠲᠠᠭᠠᠯ ︵ᠨᠠᠶᠢᠮᠠ︶︾ ᠢ 3 ᠰᠠᠷ᠎ᠠ ᠶᠢᠨ 1 ᠠᠴᠠ ᠡᠬᠢᠯᠡᠵᠦ ᠬᠡᠷᠡᠭᠵᠢᠭᠦᠯᠦᠨ᠎ᠡ᠃ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠥᠯ ︵ᠠᠷᠪᠠᠨ ᠬᠤᠶᠠᠷ︶︾ ᠢ ᠦᠨᠳᠦᠰᠦᠯᠡᠪᠡᠯ᠂ ︽︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ﹀ ᠳᠤ ᠲᠣᠭᠲᠠᠭᠠᠭᠰᠠᠨ ᠶᠠᠯ᠎ᠠ ᠶᠢᠨ ᠨᠡᠷ᠎ᠡ ᠶᠢ ᠬᠡᠷᠡᠭᠵᠢᠭᠦᠯᠬᠦ ᠲᠤᠬᠠᠢ ᠠᠷᠠᠳ ᠤᠨ ᠳᠡᠭᠡᠳᠦ ᠰᠢᠭᠦᠬᠦ ᠬᠤᠷᠢᠶᠠᠨ ᠤ ᠲᠣᠭᠲᠠᠭᠠᠯ︾᠂ ︽ᠡᠷᠡᠭᠦᠦ ᠶᠢᠨ ᠬᠠᠤᠯᠢ ᠶᠢᠨ ᠬᠤᠪᠢᠶᠠᠷᠢ ᠳᠦᠷᠢᠮ ᠳᠤ ᠲᠣᠭᠲᠠᠭᠠᠭᠰᠠᠨ ᠶᠠᠯ᠎ᠠ ᠶᠢᠨ ᠨᠡᠷ᠎ᠡ ᠶᠢ ᠬᠡᠷᠡᠭᠯᠡᠬᠦ ᠲᠤᠬᠠᠢ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠰᠠᠨᠠᠯ︾ ᠳᠤ ᠳᠣᠣᠷᠠᠬᠢ ᠮᠡᠲᠦ ᠵᠠᠰᠠᠪᠤᠷᠢ ᠣᠷᠣᠭᠤᠯᠪᠠ᠄ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ︾ ᠶᠢᠨ ᠵᠠᠭᠤ ᠵᠢᠷᠠ ᠶᠢᠰᠦᠳᠦᠭᠡᠷ ᠵᠦᠢᠯ ︵︽ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠥᠯ ︵ᠠᠷᠪᠠᠨ ᠬᠤᠶᠠᠷ︶︾ ᠤᠨ ᠭᠤᠷᠪᠠᠳᠤᠭᠠᠷ ᠵᠦᠢᠯ︶ ᠳᠠᠬᠢ ᠶᠠᠯ᠎ᠠ ᠶᠢᠨ ᠨᠡᠷ᠎ᠡ ᠶᠢ ︽ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢ ᠬᠢᠮᠳᠠ ᠦᠨ᠎ᠡ ᠪᠠᠷ ᠬᠤᠪᠢ ᠪᠣᠯᠭᠠᠨ ᠨᠤᠭᠤᠯᠤᠨ ᠪᠤᠳᠤᠬᠰᠠᠨ ᠪᠠ ᠬᠤᠳᠠᠯᠳᠤᠭᠰᠠᠨ ᠶᠠᠯ᠎ᠠ︾ ᠭᠡᠵᠦ ᠪᠠᠶᠢᠭᠰᠠᠨ ᠢ ︽ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠨ ᠺᠤᠮᠫᠠᠨᠢ᠂ ᠠᠵᠤ ᠠᠬᠤᠶᠢᠯᠠᠯ ᠤᠨ ᠡᠳ᠋ ᠬᠥᠷᠥᠩᠭᠡ ᠶᠢ ᠬᠢᠮᠳᠠ ᠦᠨ᠎ᠡ ᠪᠠᠷ ᠬᠤᠪᠢ ᠪᠣᠯᠭᠠᠨ ᠨᠤᠭᠤᠯᠤᠨ ᠪᠤᠳᠤᠬᠰᠠᠨ ᠪᠠ ᠬᠤᠳᠠᠯᠳᠤᠭᠰᠠᠨ ᠶᠠᠯ᠎ᠠ︾ ᠭᠡᠵᠦ ᠵᠠᠰᠠᠪᠠ᠃       ᠬᠤᠳᠠᠯ ᠬᠠᠭᠤᠷᠮᠠᠭ ᠢᠶᠠᠷ ᠠᠵᠤ ᠠᠬᠤᠶᠢᠯᠠᠯ ᠳᠠᠩᠰᠠᠯᠠᠭᠤᠯᠪᠠᠯ ᠰᠢᠢᠳᠬᠡᠨ᠎ᠡ       ︽ᠬᠤᠳᠠᠯ ᠬᠠᠭᠤᠷᠮᠠᠭ ᠢᠶᠠᠷ ᠠᠵᠤ ᠠᠬᠤᠶᠢᠯᠠᠯ ᠳᠠᠩᠰᠠᠯᠠᠭᠤᠯᠵᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠰᠡᠷᠭᠡᠶᠢᠯᠡᠬᠦ ᠪᠠ ᠪᠠᠶᠢᠴᠠᠭᠠᠨ ᠰᠢᠢᠳᠪᠦᠷᠢᠯᠡᠬᠦ ᠲᠣᠭᠲᠠᠭᠠᠯ︾ ᠢ 3 ᠰᠠᠷ᠎ᠠ ᠶᠢᠨ 15 ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠦᠨ᠎ᠡ᠃ ᠳᠤᠰ ︽ᠲᠣᠭᠲᠠᠭᠠᠯ︾ ᠳᠤ ᠳᠤᠷᠠᠳᠤᠭᠰᠠᠨ ᠢᠶᠠᠷ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠠ ᠲᠥᠪ ᠤᠨ ᠠᠵᠤ ᠠᠬᠤᠶᠢᠯᠠᠯ᠂ ᠨᠡᠷ᠎ᠡ ᠠᠯᠳᠠᠷᠰᠢᠭᠰᠠᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠪᠠ ᠭᠠᠳᠠᠭᠠᠳᠤ ᠶᠢᠨ ᠠᠷᠠᠯᠵᠢᠶᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠢᠶᠠᠷ ᠬᠠᠭᠤᠷᠮᠠᠭᠯᠠᠵᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢᠨ ᠳᠠᠯᠳᠠ ᠴᠢᠨᠠᠷ ᠢᠶᠠᠷ ᠴᠢᠩᠭ᠎ᠠ᠂ ᠥᠷᠭᠡᠵᠢᠨ ᠳᠡᠯᠭᠡᠷᠡᠬᠦ ᠨᠢ ᠲᠦᠷᠭᠡᠨ᠂ ᠨᠡᠶᠢᠭᠡᠮ ᠤᠨ ᠨᠥᠯᠥᠭᠡ ᠶᠡᠭᠡ ᠵᠡᠷᠭᠡ ᠣᠨᠴᠠᠯᠢᠭ ᠲᠤ ᠴᠢᠭᠯᠡᠭᠦᠯᠦᠨ᠂ ᠪᠡᠶ᠎ᠡ ᠶᠢᠨ ᠭᠠᠷᠤᠯ ᠢ ᠬᠠᠷᠭᠤᠭᠤᠯᠤᠨ ᠪᠠᠶᠢᠴᠠᠭᠠᠬᠤ ᠶᠢ ᠴᠢᠩᠭᠠᠳᠬᠠᠬᠤ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠬᠤ᠂ ᠮᠡᠳᠡᠭᠡ ᠵᠠᠩᠭᠢ ᠶᠢ ᠬᠠᠷᠢᠴᠠᠭᠤᠯᠤᠨ ᠬᠠᠷᠭᠤᠭᠤᠯᠤᠨ ᠪᠠᠶᠢᠴᠠᠭᠠᠬᠤ ᠶᠢ ᠬᠡᠷᠡᠭᠵᠢᠭᠦᠯᠬᠦ᠂ ᠳᠠᠩᠰᠠᠯᠠᠯᠲᠠ ᠶᠢ ᠬᠦᠴᠦᠨ ᠦᠭᠡᠢ ᠪᠤᠯᠭᠠᠬᠤ ᠵᠢᠷᠤᠮ ᠢ ᠲᠡᠭᠦᠯᠳᠡᠷᠵᠢᠭᠦᠯᠬᠦ᠂ ᠨᠢᠭᠡᠨᠲᠡ ᠬᠡᠷᠡᠭ ᠪᠣᠯᠭᠠᠨ ᠲᠠᠩᠰᠠᠯᠠᠵᠤ ᠪᠠᠶᠢᠴᠠᠭᠠᠭᠰᠠᠨ ᠠᠵᠤ ᠠᠬᠤᠶᠢᠯᠠᠯ ᠢ ᠬᠠᠤᠯᠢ ᠶᠣᠰᠣᠭᠠᠷ ᠳᠠᠩᠰᠠᠯᠠᠯᠲᠠ ᠬᠢᠬᠦ ᠦᠭᠡᠢ᠂ ᠬᠠᠤᠯᠢ ᠪᠤᠰᠤ ᠵᠠᠭᠤᠴᠢ ᠪᠠᠶᠢᠭᠤᠯᠤᠮᠵᠢ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠰᠢᠢᠳᠬᠡᠬᠦ ᠵᠡᠷᠭᠡ ᠠᠷᠭ᠎ᠠ ᠬᠡᠮᠵᠢᠶ᠎ᠡ ᠠᠪᠬᠤ ᠪᠣᠯᠣᠨ᠎ᠠ᠃       ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠶᠢ ᠰᠢᠯᠭᠠᠨ ᠬᠢᠨᠠᠨ᠎ᠠ       ︽ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ ᠰᠢᠯᠭᠠᠨ ᠬᠢᠨᠠᠬᠤ ᠵᠦᠭᠯᠡᠭᠦᠷ︾᠂ ︽ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠳᠤ ᠬᠢᠨᠠᠯᠲᠠ ᠲᠠᠯᠪᠢᠵᠤ ᠰᠤᠭᠤᠴᠢᠨ ᠪᠠᠶᠢᠴᠠᠭᠠᠵᠤ ᠰᠢᠯᠭᠠᠨ ᠬᠢᠨᠠᠬᠤ ᠬᠥᠲᠥᠯᠪᠦᠷᠢ︾ ᠶᠢ 3 ᠰᠠᠷ᠎ᠠ ᠶᠢᠨ 1 ᠠᠴᠠ ᠡᠬᠢᠯᠡᠨ ᠬᠡᠷᠡᠭᠵᠢᠭᠦᠯᠵᠦ᠂ ᠤᠨᠴᠠᠭᠠᠢ ᠢᠳᠡᠭᠡᠨ ᠦᠢᠯᠡᠳᠪᠦᠷᠢᠯᠡᠬᠦ ᠪᠠ ᠡᠵᠡᠩᠨᠡᠬᠦ ᠠᠵᠤ ᠠᠬᠤᠶᠢᠯᠠᠯ ᠤᠨ ᠢᠳᠡᠭᠡᠨ ᠤ ᠠᠮᠤᠷ ᠲᠦᠪᠰᠢᠨ ᠤ ᠬᠠᠮᠢᠶᠠᠷᠤᠭᠴᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠲᠣᠳᠣᠷᠬᠠᠶᠢᠯᠠᠵᠠᠢ᠃ ᠤᠨᠴᠠᠭᠠᠢ ᠢᠳᠡᠭᠡᠨ ᠦᠢᠯᠡᠳᠪᠦᠷᠢᠯᠡᠬᠦ ᠪᠠ ᠡᠵᠡᠩᠨᠡᠬᠦ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ ᠠᠴᠠ ︽ᠵᠦᠭᠯᠡᠭᠦᠷ︾ ᠪᠠ ︽ᠬᠥᠲᠥᠯᠪᠦᠷᠢ︾ ᠶᠢᠨ ᠬᠠᠮᠢᠶ᠎ᠠ ᠪᠦᠬᠦᠢ ᠱᠠᠭᠠᠷᠳᠠᠯᠭ᠎ᠠ ᠶᠢ ᠦᠨᠳᠦᠰᠦᠯᠡᠨ᠂ ᠤᠨᠴᠠᠭᠠᠢ ᠢᠳᠡᠭᠡᠨ ᠤ ᠦᠢᠯᠡᠳᠪᠦᠷᠢᠯᠡᠯ᠂ ᠡᠵᠡᠩᠨᠡᠯᠲᠡ ᠯᠦᠭᠡ ᠬᠤᠯᠪᠣᠭᠳᠠᠬᠤ ᠢᠳᠡᠭᠡᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠪᠠ ᠪᠠᠷᠢᠮᠵᠢᠶ᠎ᠠ ᠶᠢᠨ ᠴᠢᠬᠤᠯᠠ ᠲᠣᠭᠲᠠᠭᠠᠯ ᠢ ᠡᠵᠡᠮᠰᠢᠵᠦ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢᠨ ᠳᠦᠷᠢᠮ ᠤᠨ ᠲᠣᠭᠲᠠᠭᠠᠯ ᠵᠢᠴᠢ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠳᠤ ᠰᠠᠭᠤᠷᠢᠯᠠᠭᠰᠠᠨ ᠬᠥᠳᠡᠯᠦᠩᠭᠦᠢ ᠬᠠᠮᠢᠶᠠᠷᠤᠯᠲᠠ ᠶᠢᠨ ᠲᠣᠭᠲᠠᠴᠠ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃  
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠠ