ᠮᠧᠩ ᠰᠢ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠦᠢᠯᠡᠴᠢᠯᠡᠬᠦ ᠬᠤᠭᠤᠯᠠᠨ ᠭᠡᠷ ᠭᠠᠯ ᠤᠨᠲᠠᠷᠠᠭᠠᠬᠤ ᠠᠮᠤᠷ ᠲᠦᠪᠰᠢᠨ ᠤ ᠲᠠᠶᠢᠯᠤᠮᠵᠢ ᠵᠢᠴᠢ ᠰᠣᠷᠢᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/17
      ᠨᠠᠰᠤᠲᠠᠶᠢᠴᠤᠳ ᠤᠨ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠡᠶ᠎ᠡ ᠪᠠᠨ ᠬᠠᠮᠠᠭᠠᠯᠠᠵᠤ ᠠᠪᠤᠷᠠᠬᠤ ᠴᠢᠳᠠᠪᠤᠷᠢ ᠪᠠ ᠭᠠᠯ ᠤᠨᠲᠠᠷᠠᠭᠠᠬᠤ ᠠᠮᠤᠷ ᠲᠦᠪᠰᠢᠨ ᠤ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠮᠧᠩ ᠰᠢ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠦᠢᠯᠡᠴᠢᠯᠡᠬᠦ ᠬᠤᠭᠤᠯᠠᠨ ᠭᠡᠷ ︽ᠭᠠᠯ ᠤᠨᠲᠠᠷᠠᠭᠠᠬᠤ ᠠᠮᠤᠷ ᠲᠦᠪᠰᠢᠨ ᠤ ᠲᠠᠶᠢᠯᠤᠮᠵᠢ ᠵᠢᠴᠢ ᠰᠣᠷᠢᠯᠲᠠ︾ ᠶᠢᠨ ᠠᠵᠢᠯᠯᠠᠭ᠎ᠠ ᠥᠷᠨᠢᠭᠦᠯᠪᠡ᠃      ᠮᠧᠩ ᠰᠢ ᠪᠠᠯᠭᠠᠰᠤᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠶᠢᠨ ᠠᠵᠢᠯᠲᠠᠳ ᠲᠠᠶᠢᠯᠤᠮᠵᠢ ᠬᠢᠬᠦ ᠪᠠ ᠦᠵᠡᠭᠦᠯᠬᠦ ᠬᠡᠯᠪᠡᠷᠢ ᠪᠠᠷ ᠨᠠᠰᠤᠲᠠᠶᠢᠴᠤᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠪᠡ᠃ ᠲᠡᠳᠡ ᠭᠠᠯ ᠤᠨ ᠠᠶᠤᠯ ᠤᠨ ᠬᠤᠣᠷ ᠬᠥᠨᠥᠭᠡᠯ᠂ ᠭᠠᠯ ᠭᠠᠷᠤᠭᠰᠠᠨ ᠰᠢᠯᠲᠠᠭᠠᠨ ᠵᠢᠴᠢ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠨ ᠲᠠᠶᠢᠯᠪᠤᠷᠢᠯᠠᠵᠤ᠂ ᠨᠠᠰᠤᠲᠠᠶᠢᠴᠤᠳ ᠲᠤ ᠭᠠᠯ ᠤᠨ ᠠᠶᠤᠯ ᠢ ᠰᠡᠷᠭᠡᠶᠢᠯᠡᠬᠦ ᠠᠮᠤᠷ ᠲᠦᠪᠰᠢᠨ ᠤ ᠴᠢᠬᠤᠯᠠ ᠴᠢᠨᠠᠷ ᠢ ᠭᠦᠨᠵᠡᠭᠡᠢ ᠲᠠᠨᠢᠭᠤᠯᠵᠠᠢ᠃ ᠡᠭᠦᠨ ᠤ ᠬᠠᠮᠲᠤ᠂ ᠠᠵᠢᠯᠲᠠᠳ ᠪᠠᠰᠠ ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ ᠶᠢ ᠲᠤᠬᠠᠢ ᠶᠢᠨ ᠭᠠᠵᠠᠷ ᠲᠤᠨᠢ ᠲᠠᠶᠢᠯᠪᠤᠷᠢᠯᠠᠨ ᠦᠵᠡᠭᠦᠯᠵᠦ᠂ ᠨᠠᠰᠤᠲᠠᠶᠢᠴᠤᠳ ᠲᠤ ᠭᠠᠯ ᠤᠨᠲᠠᠷᠠᠭᠠᠭᠤᠷ ᠢ ᠵᠥᠪ ᠣᠨᠣᠪᠴᠢᠲᠠᠶ ᠬᠡᠷᠡᠭᠯᠡᠬᠦ ᠠᠯᠬᠤᠮ ᠳᠠᠷᠠᠭ᠎ᠠ ᠶᠢ ᠣᠶᠢᠯᠠᠭᠠᠭᠤᠯᠤᠨ ᠡᠵᠡᠮᠰᠢᠭᠦᠯᠪᠡ᠃ ᠳᠠᠷᠠᠭ᠎ᠠ ᠪᠠᠷ ᠨᠢ ᠠᠵᠢᠯᠲᠠᠳ ᠨᠠᠰᠤᠲᠠᠶᠢᠴᠤᠳ ᠢ ᠵᠣᠬᠢᠶᠠᠨ ᠪᠠᠶᠢᠭᠤᠯᠤᠨ ᠠᠮᠤᠷ ᠲᠦᠪᠰᠢᠨ ᠢᠶᠠᠷ ᠠᠮᠢ ᠵᠢᠭᠤᠲᠠᠬᠤ ᠰᠣᠷᠢᠯᠲᠠ  ᠶᠢ ᠬᠢᠵᠦ᠂ ᠨᠠᠰᠤᠲᠠᠳ  ᠨᠣᠶᠢᠲᠠᠨ ᠠᠯᠴᠢᠭᠤᠷ ᠢᠶᠠᠷ ᠠᠮᠠ ᠬᠠᠮᠠᠷ ᠢᠶᠠᠨ ᠲᠠᠭᠯᠠᠨ᠂ ᠬᠡᠷᠡᠮ ᠲᠦᠰᠢᠨ ᠪᠥᠬᠦᠶᠢᠵᠦ᠂ ᠯᠠᠪᠳᠠᠭᠤᠨ ᠪᠠᠶᠢᠬᠤ ᠶᠢ ᠪᠠᠲᠤᠯᠠᠨ᠂ ᠠᠮᠤᠷ ᠲᠦᠪᠰᠢᠨ ᠭᠠᠷᠬᠤ ᠲᠣᠭᠲᠠᠭᠰᠠᠨ ᠵᠠᠮ ᠢ ᠳᠠᠭᠠᠵᠤ᠂ ᠬᠠᠮᠤᠭ ᠤᠨ ᠲᠦᠷᠭᠡᠨ ᠬᠤᠷᠳᠤᠴᠠ ᠪᠠᠷ ᠠᠮᠤᠷ ᠲᠦᠪᠰᠢᠨ ᠤ ᠲᠠᠷᠬᠠᠭᠠᠯᠲᠠ ᠶᠢᠨ ᠴᠡᠭ ᠲᠤ ᠡᠮᠬᠢ ᠵᠢᠷᠤᠮ  ᠲᠠᠢ ᠪᠠᠷ ᠤᠬᠤᠷᠢᠨ ᠭᠠᠷᠪᠠ᠃      ᠭᠠᠯ ᠰᠡᠷᠭᠡᠶᠢᠯᠡᠬᠦ ᠠᠮᠤᠷ ᠲᠦᠪᠰᠢᠨ ᠢ ᠪᠠᠲᠤᠯᠠᠬᠤ ᠳᠤ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠵᠤ᠂ ᠤᠨᠲᠠᠷᠠᠭᠠᠬᠤ ᠶᠢ ᠲᠡᠷᠢᠭᠦᠨ ᠪᠠᠶᠢᠷᠢᠨ ᠳᠤ ᠲᠠᠯᠪᠢᠨ᠎ᠠ᠃ ᠲᠣᠰ ᠤᠳᠠᠭᠠᠨ ᠤ ᠮᠧᠩ ᠰᠢ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠦᠢᠯᠡᠴᠢᠯᠡᠬᠦ ᠬᠤᠭᠤᠯᠠᠨ ᠭᠡᠷ ᠤᠨ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠤᠨ ᠠᠵᠢᠯᠯᠠᠭ᠎ᠠ ᠨᠢ ᠨᠠᠰᠤᠲᠠᠶᠢᠴᠤᠳ ᠤᠨ ᠭᠠᠯ ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠯ ᠰᠡᠷᠭᠡᠶᠢᠯᠡᠬᠦ ᠠᠮᠤᠷ ᠲᠦᠪᠰᠢᠨ ᠤ ᠲᠤᠰᠬᠠᠢ ᠮᠡᠷᠭᠡᠵᠢᠯ ᠤᠨ ᠮᠡᠳᠡᠯᠭᠡ ᠶᠢ ᠡᠵᠡᠮᠰᠢᠬᠦᠯᠪᠡ᠃ ᠲᠠᠷᠠᠭᠠᠴᠢ ᠶᠢᠨ ᠠᠯᠬᠤᠮ ᠳᠤ᠂ ᠮᠧᠩ ᠰᠢ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠦᠢᠯᠡᠴᠢᠯᠡᠬᠦ ᠬᠤᠭᠤᠯᠠᠨ ᠭᠡᠷ ᠨᠢ ᠠᠮᠤᠷ ᠲᠦᠪᠰᠢᠨ ᠤ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠣᠯᠠᠨ ᠵᠦᠢᠯ ᠤᠨ ᠬᠡᠯᠪᠡᠷᠢ ᠪᠠᠷ ᠥᠷᠨᠢᠭᠦᠯᠵᠦ᠂ ᠭᠠᠯ ᠰᠡᠷᠭᠡᠶᠢᠯᠡᠬᠦ ᠠᠮᠤᠷ ᠲᠦᠪᠰᠢᠨ ᠤ ᠠᠵᠢᠯ ᠢ ᠴᠢᠩᠭᠠᠳᠬᠠᠨ᠂ ᠬᠠᠷᠢᠶ᠎ᠠ ᠣᠷᠣᠨ ᠤ ᠨᠠᠰᠤᠲᠠᠶᠢᠴᠤᠳ ᠲᠤ ᠭᠠᠯ ᠰᠡᠷᠭᠡᠶᠢᠯᠡᠬᠦ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠠᠬᠤᠢ ᠶᠢ ᠪᠣᠶ ᠪᠣᠯᠭᠠᠬᠤ ᠳᠤ ᠪᠠᠲᠤ ᠰᠠᠭᠤᠷᠢ ᠲᠠᠯᠪᠢᠵᠤ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠠᠮᠤᠷ ᠲᠦᠪᠰᠢᠨ ᠤ ᠰᠡᠳᠬᠢᠯᠭᠡ᠂ ᠵᠣᠯ ᠵᠢᠷᠭᠠᠯᠲᠤ ᠲᠥᠷᠥᠭᠳᠡᠯ ᠢ ᠪᠦᠲᠦᠮᠵᠢᠲᠡᠶ ᠳᠡᠭᠡᠭᠰᠢᠯᠡᠭᠦᠯᠦᠨ᠎ᠡ᠃ 
ᠢᠷᠡᠯᠲᠡ᠄ ᠮᠧᠩ ᠰᠢ ᠪᠠᠯᠭᠠᠰᠤ