ᠴᠢ ᠫᠠᠨ ᠵᠢᠩ ᠪᠠᠯᠭᠠᠰᠤᠨ ᠤ ᠴᠢ ᠰᠢᠶᠠᠩ ᠨᠡᠶᠢᠭᠡᠮ ᠲᠣᠭᠤᠷᠢᠭ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠣᠣᠱᠯᠠᠭᠤᠯᠵᠦ  ᠰᠢᠨ᠎ᠡ ᠶᠢ ᠡᠭᠦᠳᠬᠦ ᠪᠠᠷ ᠬᠥᠲᠥᠯᠥᠭᠦᠯᠦᠭᠰᠡᠨ 10 ᠵᠢᠯ ᠤᠨ ᠤᠢ︾ ᠶᠢᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/17
      ᠬᠠᠷᠢᠶ᠎ᠠ ᠣᠷᠣᠨ ᠤ ᠰᠠᠭᠤᠭᠠᠯᠢ ᠠᠷᠠᠳ ᠤᠨ ᠤᠯᠤᠰ ᠤᠨ ᠠᠮᠤᠷ ᠲᠦᠪᠰᠢᠨ ᠤ ᠤᠬᠠᠮᠰᠠᠷ ᠢ ᠦᠨᠡᠨᠬᠦ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠢ ᠬᠥᠮᠥᠨ ᠪᠣᠯᠭᠠᠨ ᠮᠡᠳᠡᠬᠦ᠂ ᠣᠷᠣᠯᠴᠠᠵᠤ ᠳᠡᠮᠵᠢᠬᠦ ᠣᠷᠴᠢᠨ ᠠᠬᠤᠢ ᠶᠢ ᠪᠣᠶ ᠪᠣᠯᠭᠠᠬᠤ ᠶᠢᠨ ᠲᠥᠯᠥᠭᠡ᠂ ᠴᠢ ᠰᠢᠶᠠᠩ ᠨᠡᠶᠢᠭᠡᠮ ᠲᠣᠭᠤᠷᠢᠭ ︽ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠲᠣᠣᠱᠯᠠᠭᠤᠯᠵᠦ  ᠰᠢᠨ᠎ᠡ ᠶᠢ ᠡᠭᠦᠳᠬᠦ ᠪᠠᠷ ᠬᠥᠲᠥᠯᠥᠭᠦᠯᠦᠭᠰᠡᠨ 10 ᠵᠢᠯ ᠤᠨ ᠣᠶ︾ ᠶᠢᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃      ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠢ ᠵᠣᠬᠢᠶᠠᠨ ᠪᠠᠶᠢᠭᠤᠯᠤᠨ ᠤᠯᠤᠰ ᠤᠨ ᠠᠮᠤᠷ ᠲᠦᠪᠰᠢᠨ ᠤ ᠮᠡᠳᠡᠯᠭᠡ ᠶᠢᠨ ᠲᠠᠶᠢᠯᠤᠮᠵᠢ ᠬᠢᠯᠭᠡᠵᠦ᠂ ᠡᠯ᠎ᠡ ᠵᠦᠢᠯ ᠤᠨ ᠦᠨᠡᠨ ᠪᠣᠳᠠᠲᠠᠢ ᠬᠡᠷᠡᠭ ᠤᠨ ᠵᠢᠱᠢᠶ᠎ᠡ ᠳᠤᠷᠠᠳᠤᠨ᠂ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠸᠢᠳᠢᠤ᠋ ᠶᠢ ᠦᠵᠡᠭᠦᠯᠵᠦ᠂ ᠰᠠᠭᠤᠭᠠᠯᠢ ᠠᠷᠠᠳ ᠤᠨ ᠠᠮᠢᠳᠤᠷᠠᠯ ᠳᠤᠮᠳᠠ ᠪᠠᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ ᠠᠴᠠ ᠬᠤᠯᠠ  ᠵᠠᠶᠢᠳᠠᠨ᠂ ᠤᠯᠤᠰ ᠤᠨ ᠠᠮᠤᠷ ᠲᠦᠪᠰᠢᠨ ᠤ ᠰᠠᠬᠢᠨ ᠬᠠᠮᠠᠭᠠᠯᠠᠭᠴᠢ ᠪᠣᠯᠬᠤ ᠶᠢ ᠰᠠᠨᠠᠭᠤᠯᠪᠠ᠃ ᠬᠠᠷᠢᠶ᠎ᠠ ᠣᠷᠣᠨ ᠤ ᠡᠯᠧᠺᠲᠷᠣᠨ ᠳᠡᠯᠭᠡᠴᠡ ᠶᠢ ᠵᠡᠷᠭᠡ ᠳᠤᠨᠢ ᠰᠠᠶᠢᠲᠤᠷ ᠠᠰᠢᠭᠯᠠᠨ ᠤᠬᠠᠭᠤᠯᠭ᠎ᠠ ᠶᠢᠨ ᠤᠷᠢᠶ᠎ᠠ ᠯᠣᠽᠦ᠋ᠩ ᠢ ᠨᠡᠪᠲᠡᠷᠡᠭᠦᠯᠪᠡ᠃ ᠠᠵᠢᠯᠲᠠᠳ ᠰᠠᠭᠤᠭᠠᠯᠢ ᠲᠣᠭᠤᠷᠢᠭ᠂ ᠠᠶᠢᠯ ᠡᠷᠦᠬᠡ ᠳᠤ ᠣᠷᠣᠵᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠨ᠂ ᠤᠯᠤᠰ ᠤᠨ ᠠᠮᠤᠷ ᠲᠦᠪᠰᠢᠨ ᠤ ᠮᠡᠳᠡᠯᠭᠡ ᠶᠢ  ᠤᠬᠠᠭᠤᠯᠤᠨ ᠲᠠᠶᠢᠯᠪᠤᠷᠢᠯᠠᠭᠠᠳ ᠤᠯᠤᠰ ᠤᠨ ᠠᠮᠤᠷ ᠲᠦᠪᠰᠢᠨ ᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠣᠯᠠᠨ ᠲᠦᠮᠡᠨ ᠤ ᠰᠡᠷᠭᠡᠶᠢᠯᠡᠬᠦ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃      ᠲᠣᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠥᠷᠭᠡᠨ ᠣᠯᠠᠨ ᠰᠠᠭᠤᠭᠠᠯᠢ ᠠᠷᠠᠳ ᠲᠤ ᠤᠯᠤᠰ ᠤᠨ ᠠᠮᠤᠷ ᠲᠦᠪᠰᠢᠨ ᠤ ᠴᠢᠬᠤᠯᠠ ᠠᠴᠢ ᠬᠤᠯᠪᠣᠭᠳᠠᠯ ᠢ ᠲᠠᠨᠢᠭᠤᠯᠵᠤ᠂ ᠤᠯᠤᠰ ᠤᠨ ᠠᠮᠤᠷ ᠲᠦᠪᠰᠢᠨ ᠤ ᠤᠬᠠᠭᠳᠠᠬᠤᠨ ᠤ ᠲᠤᠬᠠᠢ ᠨᠠᠩ ᠭᠦᠨᠵᠡᠭᠡᠢ ᠣᠶᠢᠯᠠᠭᠠᠯᠲᠠ ᠲᠠᠢ ᠪᠣᠯᠭᠠᠵᠠᠢ᠃ ᠳᠠᠷᠠᠭᠠᠴᠢ ᠶᠢᠨ ᠠᠯᠬᠤᠮ ᠳᠤ᠂ ᠴᠢ ᠰᠢᠶᠠᠩ ᠨᠡᠶᠢᠭᠡᠮ ᠲᠣᠭᠤᠷᠢᠭ ᠤᠯᠤᠰ ᠤᠨ ᠠᠮᠤᠷ ᠲᠦᠪᠰᠢᠨ ᠤ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠤᠯᠤᠰ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠬᠢᠵᠢᠭᠦᠯᠦᠨ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠢ ᠬᠥᠲᠥᠯᠥᠨ ᠵᠢᠯᠤᠭᠤᠳᠴᠤ ᠤᠯᠤᠰ ᠤᠨ ᠠᠮᠤᠷ ᠲᠦᠪᠰᠢᠨ ᠤ ᠬᠠᠮᠠᠭᠠᠯᠠᠭᠴᠢ ᠪᠣᠯᠭᠠᠨ᠎ᠠ᠃ 
ᠢᠷᠡᠯᠲᠡ᠄ ᠴᠢ ᠫᠠᠨ ᠵᠢᠩ ᠪᠠᠯᠭᠠᠰᠤ