ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠳᠤ ᠬᠥᠮᠥᠨ ᠪᠦᠬᠦᠨ ᠬᠠᠷᠢᠭᠤᠴᠠᠯᠭ᠎ᠠ ᠲᠠᠢ ︱ᠤᠯᠠᠭᠠᠨᠪᠠᠯᠭᠠᠰᠤ ᠪᠦᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/17
      ᠪᠦᠬᠦ ᠺᠠᠳ᠋ᠷ ᠠᠵᠢᠯᠲᠠᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ ᠤᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠬᠠᠷᠢᠭᠤᠴᠠᠯᠭᠠᠲᠤ  ᠰᠡᠳᠬᠢᠯᠭᠡ ᠶᠢ ᠴᠢᠩᠭᠠᠳᠬᠠᠬᠤ ᠶᠢᠨ ᠲᠤᠰᠠᠳᠠ᠂ ᠤᠯᠠᠭᠠᠨᠪᠠᠯᠭᠠᠰᠤ ᠤᠲᠤᠭ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠵᠢᠭᠠᠨ ᠰᠤᠳᠤᠯᠬᠤ ᠲᠠᠰᠤᠭ ᠤᠨ ᠤᠤᠯ ᠤᠨ ᠡᠷᠬᠢᠯᠡᠭᠴᠢ᠂ ᠳᠡᠳ᠋ ᠫᠷᠤᠹᠧᠰᠰᠤᠷ ᠵᠠᠩ ᠷᠦᠢ ᠯᠢᠨ ᠪᠠᠭᠰᠢ ᠶᠢ ᠤᠷᠢᠵᠦ ᠨᠠᠮ ᠵᠠᠰᠠᠭ ᠤᠨ ᠤᠳᠤᠷᠢᠳᠬᠤ ᠪᠠᠭ ᠤᠨ ᠪᠥᠬᠦ ᠪᠦᠷᠢᠯᠳᠦᠭᠦᠨ᠂ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ᠂ ᠪᠥᠬᠦ ᠺᠠᠳ᠋ᠷ ᠠᠵᠢᠯᠲᠠᠨ᠂ ᠵᠢᠷᠭᠤᠭᠠᠨ ᠵᠦᠢᠯ ᠤᠨ ᠦᠢᠯᠡᠴᠢᠯᠡᠭᠡᠨ ᠤ ᠠᠵᠢᠯᠲᠠᠨ᠂ ᠡᠯ᠎ᠡ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠱᠦᠵᠢ ᠪᠥᠭᠡᠳ ᠡᠷᠬᠢᠯᠡᠭᠴᠢ ᠳᠤ ︽ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠲᠤ ᠪᠦᠷᠢᠯᠳᠦᠭᠦᠯᠦᠨ ᠦᠢᠯᠡᠳᠦᠯᠭᠡᠵᠢᠭᠦᠯᠵᠦ  ᠰᠢᠨ᠎ᠡ ᠴᠠᠭ ᠦᠶ᠎ᠡ ᠶᠢᠨ ᠤᠯᠤᠰ ᠤᠨ ᠠᠮᠤᠷ ᠲᠦᠪᠰᠢᠨ ᠤ ᠰᠢᠨ᠎ᠡ ᠬᠠᠭᠤᠳᠠᠰᠤ ᠶᠢ ᠪᠢᠴᠢᠭᠯᠡᠬᠦ︾ ᠲᠤᠰᠬᠠᠢ ᠰᠡᠳᠦᠪᠲᠦ ᠲᠠᠶᠢᠯᠤᠮᠵᠢ ᠬᠢᠯᠭᠡᠪᠡ᠃      ᠮᠠᠨ ᠤ ᠪᠠᠯᠭᠠᠰᠤ ︽ᠰᠦᠯᠵᠢᠶᠡᠨ ᠳᠡᠭᠡᠷᠡᠬᠢ + ᠰᠦᠯᠵᠢᠶᠡᠨ ᠭᠠᠳᠠᠭᠤᠷᠬᠢ︾ ᠶᠢ ᠤᠶᠠᠯᠳᠤᠭᠤᠯᠬᠤ ᠬᠡᠯᠪᠡᠷᠢ ᠪᠠᠷ ᠤᠬᠠᠭᠤᠯᠭ᠎ᠠ ᠶᠢᠨ ᠠᠵᠢᠯᠯᠠᠭ᠎ᠠ ᠶᠢ ᠳᠡᠯᠭᠡᠷᠡᠩᠭᠦᠢ ᠥᠷᠨᠢᠭᠦᠯᠪᠡ᠃ ︽ᠰᠦᠯᠵᠢᠶᠡᠨ ᠳᠡᠭᠡᠷᠡᠬᠢ︾ ᠤᠬᠠᠭᠤᠯᠭ᠎ᠠ ᠪᠠᠷ ᠦᠵᠡᠯ ᠤᠬᠠᠮᠰᠠᠷ ᠢ ᠳᠡᠭᠡᠭᠰᠢᠯᠡᠭᠦᠯᠪᠡ᠃ ᠪᠥᠬᠦ ᠪᠠᠯᠭᠠᠰᠤᠨ ᠤ ᠺᠠᠳ᠋ᠷ᠂ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠤᠨ ᠠᠵᠢᠯᠲᠠᠨ ᠢ ᠢᠳᠡᠪᠬᠢᠲᠡᠢ ᠳᠠᠶᠢᠴᠢᠯᠠᠨ ᠪᠥᠬᠦ ᠠᠷᠠᠳ ᠤᠨ ᠤᠯᠤᠰ ᠤᠨ ᠠᠮᠤᠷ ᠲᠦᠪᠰᠢᠨ ᠤ ᠬᠥᠮᠦᠵᠢᠯ ᠤᠨ ᠡᠳᠦᠷ ᠤᠨ ᠰᠡᠳᠦᠪ ᠬᠠᠷᠢᠭᠤᠯᠬᠤ ᠠᠵᠢᠯᠯᠠᠭ᠎ᠠ ᠳᠤ ᠣᠷᠣᠯᠴᠠᠭᠤᠯᠵᠤ᠂ ᠺᠠᠳ᠋ᠷ ᠠᠵᠢᠯᠲᠠᠨ ᠤ ᠤᠯᠤᠰ ᠤᠨ ᠠᠮᠤᠷ ᠲᠦᠪᠰᠢᠨ ᠤ ᠤᠬᠠᠮᠰᠠᠷ ᠢ ᠪᠠᠲᠤ ᠪᠦᠷᠢᠯᠳᠦᠭᠦᠯᠪᠡ᠃ ︽ᠰᠦᠯᠵᠢᠶᠡᠨ ᠠᠴᠠ ᠭᠠᠳᠠᠭᠤᠷᠬᠢ︾ ᠤᠬᠠᠭᠤᠯᠭ᠎ᠠ ᠪᠠᠷ ᠴᠢᠳᠠᠪᠤᠷᠢ ᠶᠢ ᠳᠡᠭᠡᠭᠰᠢᠯᠡᠭᠦᠯᠪᠡ᠃ 4 ᠳ᠋ᠦ᠋ᠭᠡᠷ ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ ᠤᠯᠠᠭᠠᠨ ᠠᠭᠤᠳᠠᠮ ᠲᠠᠯᠠᠪᠠᠢ ᠳᠤ ᠤᠯᠠᠨ ᠲᠦᠮᠡᠨ ᠳᠤ ᠤᠯᠤᠰ ᠤᠨ ᠠᠮᠤᠷ ᠲᠦᠪᠰᠢᠨ ᠤ ᠤᠬᠠᠭᠤᠯᠭ᠎ᠠ ᠶᠢᠨ ᠭᠠᠷ ᠳᠡᠪᠲᠡᠷ ᠢ 200 ᠭᠠᠷᠤᠢ᠂ ᠤᠬᠠᠭᠤᠯᠭ᠎ᠠ ᠶᠢᠨ ᠮᠠᠲ᠋ᠧᠷᠢᠶᠠᠯ ᠢ 100 ᠬᠤᠪᠢ ᠲᠠᠷᠬᠠᠭᠠᠬᠤ ᠶᠢᠨ ᠬᠠᠮᠲᠤ ᠰᠠᠭᠤᠭᠠᠯᠢ ᠠᠷᠠᠳ ᠲᠤ ᠤᠯᠤᠰ ᠤᠨ ᠠᠮᠤᠷ ᠲᠦᠪᠰᠢᠨ ᠤ ᠴᠢᠬᠤᠯᠠ ᠠᠴᠢ ᠬᠤᠯᠪᠣᠭᠳᠠᠯ ᠢ ᠤᠬᠠᠭᠤᠯᠤᠨ ᠲᠠᠶᠢᠯᠪᠤᠷᠢᠯᠠᠪᠠ᠃ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠳᠥᠭᠦᠮ ᠣᠶᠢᠯᠠᠭᠠᠮᠵᠢᠲᠠᠢ ᠦᠭᠡ ᠶᠠᠷᠢᠶ᠎ᠠ ᠪᠠᠷ ᠤᠯᠠᠨ ᠲᠦᠮᠡᠨ ᠳᠤ ᠬᠠᠤᠯᠢ ᠴᠠᠭᠠᠵᠠ ᠶᠢᠨ ᠮᠡᠳᠡᠯᠭᠡ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠤᠷ᠎ᠠ ᠴᠢᠳᠠᠪᠤᠷᠢ ᠶᠢ ᠲᠦᠭᠡᠮᠡᠯᠵᠢᠭᠦᠯᠵᠦ᠂ ᠤᠯᠠᠨ ᠢ ᠬᠥᠲᠥᠯᠥᠨ ᠵᠢᠯᠤᠭᠤᠳᠴᠤ ᠬᠠᠤᠯᠢ ᠴᠠᠭᠠᠵᠠ ᠶᠢᠨ ᠤᠬᠠᠮᠰᠠᠷ ᠪᠣᠯᠣᠨ ᠪᠡᠶ᠎ᠡ ᠪᠠᠨ ᠬᠠᠮᠠᠭᠠᠯᠠᠬᠤ ᠴᠢᠳᠠᠪᠤᠷᠢ ᠶᠢ ᠨᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠠᠤᠯᠢ ᠶᠢ ᠬᠦᠨᠳᠦᠳᠬᠡᠬᠦ᠂ ᠬᠠᠤᠯᠢ ᠶᠢ ᠰᠤᠷᠬᠤ᠂ ᠬᠠᠤᠯᠢ ᠶᠢ ᠰᠠᠬᠢᠬᠤ᠂ ᠬᠠᠤᠯᠢ ᠶᠢ ᠬᠠᠮᠠᠭᠠᠯᠠᠬᠤ᠂ ᠬᠠᠤᠯᠢ ᠶᠢ ᠬᠡᠷᠡᠭᠯᠡᠬᠦ ᠶᠢ ᠦᠨᠡᠨᠬᠦ ᠪᠡᠶᠡᠯᠡᠭᠦᠯᠪᠡ᠃ 
ᠢᠷᠡᠯᠲᠡ᠄ ᠤᠯᠠᠭᠠᠨᠪᠠᠯᠭᠠᠰᠤ