ᠥᠪᠥᠷ ᠮᠣᠩᠭᠤᠯ ᠤᠨ ᠣᠷᠳᠣᠰ ᠬᠤᠲᠠ ᠶᠢᠨ ᠣᠲᠤᠭ ᠬᠤᠰᠢᠭᠤᠨ ᠤ ᠮᠧᠩ ᠰᠢ ᠪᠠᠯᠭᠠᠰᠤ ᠠᠷᠪᠠᠰ ᠤᠨ ᠴᠠᠭᠠᠨ ᠢᠮᠠᠭᠠᠨ ᠤ ᠬᠠᠮᠲᠤᠷᠠᠭᠰᠠᠨ ᠲᠡᠵᠢᠭᠡᠨ ᠦᠷᠡᠵᠢᠭᠦᠯᠬᠦ ᠴᠣᠭᠴᠠ ᠶᠢ ᠪᠠᠶᠢᠭᠤᠯᠵᠤ  ᠬᠥᠳᠡᠭᠡ ᠲᠣᠰᠬᠤᠨ ᠤ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/4/17
      ᠤᠲᠤᠭ ᠬᠤᠰᠢᠭᠤᠨ ᠤ ᠮᠸᠡᠭ ᠰᠢ ᠪᠠᠯᠭᠠᠰᠤ ᠠᠷᠪᠠᠰ ᠤᠨ ᠴᠠᠭᠠᠨ ᠢᠮᠠᠭ᠎ᠠ ᠮᠠᠯᠯᠠᠵᠤ ᠪᠠᠶᠢᠳᠠᠭ᠂ ᠡᠨᠡ ᠨᠢ ᠲᠤᠬᠠᠢ ᠶᠢᠨ ᠭᠠᠵᠠᠷ ᠤᠨ ᠮᠠᠯᠴᠢᠳ ᠤᠨ ᠴᠢᠬᠤᠯᠠ ᠡᠳ᠋ ᠬᠥᠷᠥᠩᠭᠡ ᠪᠣᠯᠬᠤ ᠪᠠᠷ ᠪᠠᠷᠠᠬᠤ ᠦᠭᠡᠢ᠂ ᠨᠠᠩ ᠴᠤ ᠣᠲᠤᠭ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯ ᠬᠦᠴᠦᠨ ᠵᠦᠢᠯ ᠪᠣᠯᠣᠨ᠎ᠠ᠃      ᠣᠶᠢᠷ᠎ᠠ ᠶᠢᠨ ᠵᠢᠯ ᠤᠳ ᠲᠤ᠂ ᠤᠲᠤᠭ ᠬᠤᠰᠢᠭᠤ ᠬᠤᠰᠢᠭᠤ ᠱᠠᠲᠤᠨ ᠤ ᠲᠦᠷᠦ ᠶᠢᠨ ᠪᠣᠳᠣᠯᠭ᠎ᠠ ᠶᠢ ᠢᠳᠡᠪᠬᠢᠲᠡᠢ ᠠᠬᠢᠭᠤᠯᠵᠤ᠂ ᠮᠠᠯ ᠠᠵᠤ ᠠᠬᠤᠢ ᠶᠢᠨ ᠬᠥᠭᠵᠢᠯᠲᠡ ᠶᠢ ᠶᠡᠬᠡᠪᠡᠷ ᠲᠡᠳᠬᠦᠭᠰᠡᠭᠡᠷ ᠢᠷᠡᠪᠡ᠃ ᠮᠧᠩ ᠰᠢ ᠪᠠᠯᠭᠠᠰᠤ ᠡᠨᠡᠬᠦ ᠠᠵᠠ ᠲᠣᠬᠢᠶᠠᠯ ᠢ ᠵᠠᠪᠳᠤᠵᠤ᠂ ᠠᠷᠪᠠᠰ ᠤᠨ ᠴᠠᠭᠠᠨ ᠢᠮᠠᠭᠠᠨ ᠤ ᠬᠠᠮᠲᠤᠷᠠᠭᠰᠠᠨ ᠲᠡᠵᠢᠭᠡᠨ ᠦᠷᠡᠵᠢᠭᠦᠯᠬᠦ ᠴᠣᠭᠴᠠ ᠶᠢ ᠪᠠᠶᠢᠭᠤᠯᠤᠨ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠪᠡ᠃      ᠮᠧᠩ ᠰᠢ ᠪᠠᠯᠭᠠᠰᠤᠨ ᠤ ᠠᠷᠪᠠᠰ ᠤᠨ ᠴᠠᠭᠠᠨ ᠢᠮᠠᠭᠠᠨ ᠤ ᠬᠠᠮᠲᠤᠷᠠᠭᠰᠠᠨ ᠲᠡᠵᠢᠭᠡᠨ ᠦᠷᠡᠵᠢᠭᠦᠯᠬᠦ ᠴᠣᠭᠴᠠ ᠶᠢᠨ ᠬᠡᠪᠴᠢᠶ᠎ᠡ ᠲᠠᠰᠤᠷᠠᠯᠲᠠ ᠦᠭᠡᠢ ᠥᠷᠭᠡᠳᠦᠨ᠂ ᠣᠳᠣᠬᠠᠨ ᠳᠤ ᠨᠢᠭᠡᠨᠲᠡ 10 ᠲᠦᠮᠡᠨ ᠢᠮᠠᠭ᠎ᠠ ᠲᠠᠢ ᠪᠣᠯᠵᠤ᠂ ᠵᠢᠯ ᠤᠨ ᠦᠢᠯᠡᠳᠬᠦᠨ ᠤ ᠥᠷᠲᠡᠭ ᠨᠢ 600 ᠲᠦᠮᠡᠨ ᠲᠥᠭᠦᠷᠢᠭ ᠲᠤ ᠬᠦᠷᠴᠡᠢ᠃ ᠡᠨᠡ ᠨᠢ ᠮᠠᠯᠴᠢᠳ ᠲᠤ ᠨᠡᠯᠢᠶᠡᠳ ᠶᠡᠭᠡ ᠠᠵᠤ ᠠᠬᠤᠢ ᠶᠢᠨ ᠣᠷᠣᠯᠭ᠎ᠠ  ᠡᠭᠦᠳᠦᠭᠰᠡᠨ ᠢᠶᠠᠷ ᠪᠠᠷᠠᠬᠤ ᠦᠭᠡᠢ᠂ ᠪᠠᠰᠠ ᠲᠤᠬᠠᠢ ᠶᠢᠨ ᠭᠠᠵᠠᠷ ᠤᠨ ᠬᠥᠳᠡᠭᠡ ᠲᠣᠰᠬᠤᠨ ᠤ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠢ ᠣᠯᠭᠤᠭᠰᠠᠨ ᠪᠠᠶᠢᠨ᠎ᠠ᠃      ᠠᠷᠪᠠᠰ ᠤᠨ ᠴᠠᠭᠠᠨ ᠢᠮᠠᠭ᠎ᠠ ᠲᠡᠵᠢᠭᠡᠨ ᠦᠷᠡᠵᠢᠭᠦᠯᠬᠦ ᠴᠣᠭᠴᠠ ᠶᠢᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠶᠢᠨ ᠲᠥᠯᠥᠭᠡ᠂ ᠣᠲᠤᠭ ᠬᠤᠰᠢᠭᠤᠨ ᠤ ᠵᠠᠰᠠᠭ ᠤᠨ ᠣᠷᠳᠣᠨ ᠠᠴᠠ ᠠᠯᠢ ᠣᠯᠠᠨ ᠲᠡᠳᠬᠦᠬᠦ ᠲᠥᠷᠥ ᠶᠢᠨ ᠪᠣᠳᠣᠯᠭ᠎ᠠ ᠶᠢ ᠨᠡᠶᠢᠲᠡᠯᠡᠵᠡᠢ᠃ ᠲᠥᠯᠥᠪᠦᠷᠢ ᠦᠭᠡᠢ ᠪᠠᠷ ᠲᠡᠵᠢᠭᠡᠨ ᠦᠷᠡᠵᠢᠭᠦᠯᠬᠦ ᠮᠡᠷᠭᠡᠵᠢᠯ ᠤᠨ ᠪᠣᠯᠪᠠᠰᠤᠷᠠᠯ ᠬᠢᠵᠦ᠂ ᠮᠠᠯᠴᠢᠳ ᠢ ᠬᠠᠪᠰᠤᠷᠤᠨ ᠲᠡᠵᠢᠭᠡᠨ ᠦᠷᠡᠵᠢᠭᠦᠯᠬᠦ ᠮᠡᠷᠭᠡᠵᠢᠯ ᠢ ᠨᠢ  ᠳᠡᠭᠡᠭᠰᠢᠯᠡᠭᠦᠯᠪᠡ︔ ᠵᠣᠬᠢᠬᠤ ᠬᠡᠮᠵᠢᠶᠡᠨ ᠤ ᠨᠥᠬᠦᠪᠦᠷᠢ ᠥᠭᠴᠦ᠂ ᠲᠡᠵᠢᠭᠡᠨ ᠦᠷᠡᠵᠢᠭᠦᠯᠬᠦ ᠥᠪᠡᠷ ᠤᠨ ᠦᠷᠳᠡᠭ ᠢ ᠪᠠᠭᠤᠷᠠᠭᠤᠯᠪᠠ︔ ᠪᠣᠷᠤᠯᠠᠭᠤᠯᠭ᠎ᠠ ᠶᠢᠨ ᠠᠷᠭ᠎ᠠ ᠵᠠᠮ ᠢ ᠲᠡᠭᠦᠯᠳᠡᠷᠵᠢᠭᠦᠯᠵᠦ᠂  ᠪᠦᠲᠦᠭᠡᠭᠳᠡᠬᠦᠨ ᠤ ᠪᠣᠷᠤᠯᠠᠭᠤᠯᠭ᠎ᠠ ᠵᠣᠭᠰᠣᠩᠭᠢᠷᠠᠭᠰᠠᠨ ᠠᠰᠠᠭᠤᠳᠠᠯ ᠢ ᠰᠢᠢᠳᠪᠦᠷᠢᠯᠡᠪᠡ᠃ ᠡᠲᠡᠭᠡᠷ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠮᠠᠯᠴᠢᠳ ᠢᠷᠡᠭᠡᠳᠦᠢ ᠳᠡᠭᠡᠨ ᠢᠲᠡᠭᠡᠯ ᠲᠡᠭᠦᠯᠳᠡᠷ ᠪᠣᠯᠤᠭᠰᠠᠨ ᠪᠠᠶᠢᠨ᠎ᠠ᠃      ᠠᠷᠪᠠᠰ ᠤᠨ ᠴᠠᠭᠠᠨ ᠢᠮᠠᠭᠠᠨ ᠤ ᠬᠠᠮᠲᠤᠷᠠᠭᠰᠠᠨ ᠲᠡᠵᠢᠭᠡᠨ ᠦᠷᠡᠵᠢᠭᠦᠯᠬᠦ ᠴᠣᠭᠴᠠ ᠶᠢᠨ ᠳᠠᠭᠠᠭᠤᠯᠭ᠎ᠠ ᠪᠠᠷ᠂ ᠮᠧᠩ ᠰᠢ ᠪᠠᠯᠭᠠᠰᠤᠨ ᠤ ᠬᠥᠳᠡᠭᠡ ᠲᠣᠰᠬᠤᠨ ᠤ ᠳᠦᠷᠰᠦ ᠪᠠᠶᠢᠳᠠᠯ ᠳᠤ ᠯᠤᠲᠤ ᠶᠡᠭᠡ ᠬᠤᠪᠢᠷᠠᠯᠲᠠ ᠭᠠᠷᠴᠤ᠂ ᠮᠠᠯᠴᠢᠳ ᠤᠨ ᠠᠮᠢᠳᠤᠷᠠᠯ ᠤᠨ ᠲᠦᠪᠰᠢᠨ ᠴᠤ ᠳᠡᠭᠡᠭᠰᠢᠯᠡᠪᠡ᠃      ᠬᠤᠵᠢᠮ ᠮᠧᠩ ᠰᠢ ᠪᠠᠯᠭᠠᠰᠤ ᠠᠷᠪᠠᠰ ᠤᠨ ᠴᠠᠭᠠᠨ ᠢᠮᠠᠭᠠᠨ ᠤ ᠬᠠᠮᠲᠤᠷᠠᠭᠰᠠᠨ ᠲᠡᠵᠢᠭᠡᠨ ᠦᠷᠡᠵᠢᠭᠦᠯᠬᠦ ᠴᠣᠭᠴᠠ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠡᠵᠢᠭᠡᠨ  ᠦᠷᠡᠵᠢᠭᠦᠯᠬᠦ ᠬᠡᠪᠴᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠪᠦᠲᠦᠭᠡᠭᠳᠡᠬᠦᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢᠨ ᠬᠠᠮᠲᠤ᠂ ᠰᠢᠨ᠎ᠡ ᠬᠥᠭᠵᠢᠯᠲᠡ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠮᠠᠯ ᠠᠵᠤ ᠠᠬᠤᠢ ᠪᠣᠯᠣᠨ ᠵᠢᠭᠤᠯᠴᠢᠯᠠᠯ᠂ ᠰᠣᠶᠣᠯ ᠵᠡᠷᠭᠡ ᠠᠵᠤ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ  ᠰᠠᠶᠢᠬᠠᠨ ᠬᠠᠭᠤᠳᠠᠰᠤ ᠶᠢ ᠪᠢᠴᠢᠭᠯᠡᠨ᠎ᠡ᠃ ᠠᠷᠪᠠᠰ ᠤᠨ ᠴᠠᠭᠠᠨ ᠢᠮᠠᠭᠠᠨ ᠤ ᠦᠢᠯᠡᠰ ᠤᠨ ᠬᠥᠭᠵᠢᠯᠲᠡ ᠳᠤᠮᠳᠠ ᠮᠧᠩ ᠰᠢ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠶᠠᠪᠤᠬᠤ ᠲᠣᠰᠣᠮ ᠰᠠᠷᠠᠭᠤᠯ ᠳᠠᠷᠳᠠᠩ ᠪᠣᠯᠬᠤ ᠶᠤᠮ︕ 
ᠢᠷᠡᠯᠲᠡ᠄ ᠮᠧᠩ ᠰᠢ ᠪᠠᠯᠭᠠᠰᠤ