ᠬᠥᠳᠡᠯᠭᠡᠭᠡᠨ ᠢ ᠤᠯᠠᠨ ᠲᠦᠮᠡᠨ ᠤ ᠳᠤᠮᠳᠠ ᠶᠠᠪᠤᠭᠳᠠᠭᠤᠯᠵᠤ᠂ ᠤᠯᠠᠨ ᠲᠦᠮᠡᠨ ᠤ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠬᠡᠷᠡᠭᠴᠡᠭᠡ ᠶᠢ ᠬᠠᠩᠭᠠᠨ᠂ | ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠨᠡᠩ ᠳᠥᠭᠦᠮ ᠳᠥᠲᠡ᠂ ᠨᠡᠩ ᠲᠦᠭᠡᠮᠡᠯᠵᠢᠭᠦᠯᠬᠦ ᠶᠢᠨ ᠲᠥᠯᠥᠭᠡ᠂ ᠴᠢ ᠫᠠᠨ ᠵᠢᠩ | ᠪᠠᠯᠭᠠᠰᠤᠨ ᠤ ᠴᠢ ᠫᠠᠨ ᠨᠡᠶᠢᠭᠡᠮ ᠲᠣᠭᠤᠷᠢᠭ ︽ᠳᠤᠮᠳᠠᠳᠤ ᠶᠢᠨ ᠦᠨᠳᠦᠰᠦᠲᠡᠨ ᠨᠢᠭᠡ ᠭᠡᠷ ᠤᠨ ᠬᠦᠮᠦᠰ ᠮᠡᠲᠦ ᠲᠣᠳᠤᠨᠤᠰᠤᠭ ᠪᠠᠶᠢᠯᠴᠠᠵᠤ ᠨᠠᠮ ᠤᠨ ᠭᠡᠰᠢᠭᠦᠨ ᠪᠠ | ᠣᠯᠠᠨ ᠲᠦᠮᠡᠨ ᠬᠠᠮᠲᠤ ᠪᠠᠷ ᠴᠡᠩᠭᠡᠯᠳᠦᠨ ᠰᠡᠳᠬᠢᠯ ᠰᠡᠳᠬᠢᠯ ᠢᠶᠠᠨ ᠬᠤᠯᠪᠣᠬᠤ︾ ᠰᠣᠨᠢᠷᠬᠠᠯᠲᠤ ᠲᠠᠮᠢᠷ ᠤᠨ ᠬᠥᠳᠡᠯᠭᠡᠭᠡᠨ ᠥᠷᠨᠢᠭᠦᠯᠪᠡ᠃ | ᠲᠣᠰ ᠤᠳᠠᠭᠠᠨ ᠤ ᠠᠵᠢᠯᠯᠠᠭ᠎ᠠ ᠳᠤ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠲᠥᠯᠥᠭᠡᠯᠡᠭᠴᠢ᠂ ᠣᠯᠠᠨ ᠲᠦᠮᠡᠨ᠂ ᠨᠠᠮ ᠤᠨ ᠭᠡᠰᠢᠭᠦᠨ᠂ | ᠲᠣᠣᠷᠴᠢᠯᠠᠭᠰᠠᠨ ᠬᠠᠮᠢᠶᠠᠷᠤᠯᠲᠠ ᠶᠢᠨ ᠠᠵᠢᠯᠲᠠᠨ᠂ ᠬᠠᠷᠢᠶ᠎ᠠ ᠣᠷᠣᠨ ᠤ ᠨᠢᠭᠡᠴᠢ ᠵᠢᠴᠢ ᠴᠡᠷᠢᠭ ᠠᠴᠠ ᠬᠠᠯᠠᠭᠳᠠᠭᠰᠠᠳ ᠵᠡᠷᠭᠡ 80 ᠭᠠᠷᠤᠢ ᠬᠥᠮᠥᠨ ᠣᠷᠣᠯᠴᠠᠵᠤ᠂ | ᠬᠢᠨᠠᠭᠴᠢ ᠶᠢᠨ ᠵᠠᠷᠯᠢᠭ ᠳᠣᠣᠷ᠎ᠠ ᠤᠷᠤᠯᠳᠤᠭᠠᠨ ᠬᠦᠷ ᠬᠥᠭᠵᠢᠶᠡᠨᠲᠡᠢ ᠶᠠᠪᠤᠭᠳᠠᠵᠤ ᠪᠠᠶᠢᠯ᠎ᠠ᠃ ᠤᠷᠤᠯᠳᠤᠭᠠᠨ ᠳᠤ ᠣᠷᠣᠯᠴᠠᠭᠰᠠᠳ ᠤᠨ ᠤᠷᠮ᠎ᠠ ᠰᠡᠳᠬᠢᠯᠭᠡ | ᠥᠨᠳᠥᠷ ᠪᠠᠶᠢᠵᠦ᠂ ᠣᠯᠠᠨ ᠬᠥᠮᠦᠰ ᠤᠨ ᠤᠤᠬᠠᠶᠢᠯᠠᠯ ᠤᠨ ᠳᠤᠮᠳᠠ ᠣᠨᠴᠠᠯᠢᠭ ᠳᠠᠪᠠᠭᠤᠯᠢᠭ ᠢᠶᠠᠨ ᠪᠠᠳᠠᠷᠠᠭᠤᠯᠤᠨ᠎ᠠ᠃ ᠤᠷᠤᠯᠳᠤᠭᠠᠨ ᠳᠤ ᠣᠷᠣᠯᠴᠠᠭᠰᠠᠳ ᠲᠤ | ᠱᠠᠩᠨᠠᠯ ᠪᠠ ᠳᠤᠷᠠᠰᠬᠠᠯ ᠤᠨ ᠡᠳ᠋ ᠥᠭᠪᠡ᠃ ᠲᠣᠰ ᠤᠳᠠᠭᠠᠨ ᠤ ᠲᠠᠮᠢᠷ ᠤᠨ ᠬᠥᠳᠡᠯᠭᠡᠭᠡᠨ ᠢ ᠥᠷᠨᠢᠭᠦᠯᠦᠭᠰᠡᠨ ᠨᠢ ᠬᠥᠷᠰᠢ ᠵᠡᠷᠭᠡᠯᠡᠳᠡᠭᠡ ᠶᠢᠨ ᠬᠠᠷᠢᠴᠠᠭ᠎ᠠ ᠶᠢ | ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠲᠠᠮᠢᠷ ᠤᠨ ᠬᠥᠳᠡᠯᠭᠡᠭᠡᠨ ᠳᠤ ᠣᠷᠣᠯᠴᠠᠬᠤ ᠢᠳᠡᠪᠬᠢᠵᠢᠯ ᠢ ᠭᠦᠢᠴᠡᠳ ᠳᠠᠶᠢᠴᠢᠯᠠᠭᠰᠠᠨ ᠪᠠᠶᠢᠨ᠎ᠠ᠃ | ᠲᠣᠰ ᠤᠳᠠᠭᠠᠨ ᠤ ᠰᠣᠨᠢᠷᠬᠠᠯᠲᠤ ᠲᠠᠮᠢᠷ ᠤᠨ ᠬᠥᠳᠡᠯᠭᠡᠭᠡᠨ ᠨᠢ ᠣᠯᠠᠨ ᠤ ᠤᠷᠮ᠎ᠠ ᠵᠣᠷᠢᠭ ᠢ ᠬᠥᠭᠵᠢᠭᠡᠵᠦ᠂ ᠪᠠᠶᠠᠰᠤᠩᠭᠤᠢ ᠥᠭᠡᠳᠡᠷᠬᠡᠭ ᠣᠪᠣᠷ ᠲᠠᠢ | ᠪᠣᠯᠭᠠᠭᠰᠠᠨ ᠪᠥᠭᠡᠳ ᠠᠮᠢᠵᠢᠷᠠᠯ ᠤᠨ ᠬᠦᠴᠦᠨ ᠢ ᠣᠯᠭᠤᠵᠤ᠂ ᠣᠯᠠᠨ ᠤ ᠰᠡᠳᠬᠢᠯ ᠤᠨ ᠴᠢᠯᠡᠭᠡ ᠶᠢ ᠲᠠᠶᠢᠯᠤᠨ ᠪᠡᠶ᠎ᠡ ᠮᠠᠬᠠᠪᠤᠳ ᠢ ᠨᠢ ᠪᠣᠯᠪᠠᠰᠤᠷᠠᠭᠤᠯᠵᠤ᠂ | ᠬᠦᠮᠦᠰ ᠤᠨ ᠬᠤᠭᠤᠷᠣᠨᠳᠣᠬᠢ ᠬᠠᠷᠢᠯᠴᠠᠭ᠎ᠠ ᠶᠢ ᠰᠠᠶᠢᠵᠢᠷᠠᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠲᠥᠪᠯᠡᠩᠭᠦᠶ ᠬᠦᠴᠦᠨ᠂ ᠨᠢᠭᠲᠠᠷᠠᠯ ᠤᠨ | ᠬᠦᠴᠦᠨ ᠢ ᠴᠢᠩᠭᠠᠳᠬᠠᠪᠠ᠃ ᠲᠠᠷᠠᠭᠠᠴᠢ ᠶᠢᠨ ᠠᠯᠬᠤᠮ ᠳᠤ᠂ ᠴᠢ ᠫᠠᠨ ᠨᠡᠶᠢᠭᠡᠮ ᠲᠣᠭᠤᠷᠢᠭ ᠦᠨᠳᠦᠰᠦᠲᠡᠨ ᠨᠦᠭᠦᠳ ᠤᠨ ᠣᠯᠠᠨ ᠲᠦᠮᠡᠨ ᠤ ᠰᠣᠶᠣᠯ ᠲᠠᠮᠢᠷ ᠤᠨ | ᠬᠥᠳᠡᠯᠭᠡᠭᠡᠨ ᠤ ᠬᠠᠮᠤᠷᠬᠤ ᠬᠡᠪᠴᠢᠶ᠎ᠡ ᠪᠠ ᠣᠷᠣᠯᠴᠠᠬᠤ ᠬᠡᠮᠵᠢᠶ᠎ᠡ ᠶᠢ ᠶᠡᠬᠡᠰᠬᠡᠵᠦ᠂ ᠠᠮᠢᠳᠤᠷᠠᠯ ᠤᠨ ᠬᠠᠯᠠᠭᠤᠨ ᠳᠤᠯᠠᠭᠠᠨ ᠪᠠ ᠪᠠᠶᠠᠷ ᠪᠠᠶᠠᠰᠤᠯ ᠢ ᠳᠠᠶᠠᠭᠠᠷ | ᠣᠯᠠᠨ ᠳᠤ ᠮᠡᠳᠡᠷᠡᠭᠦᠯᠦᠨ᠎ᠡ᠃ | | | |