ᠲᠦᠭ ᠲᠦᠮᠡᠨ ᠭᠡᠷ ᠪᠦᠯᠢ ᠶᠢᠨ ᠡᠮᠴᠢᠯᠡᠭᠡᠨ ᠤ ᠵᠠᠷᠤᠳᠠᠯ ᠠᠴᠠ ᠪᠣᠯᠤᠭᠰᠠᠨ ᠠᠵᠤ ᠠᠬᠤᠢ ᠶᠢᠨ ᠲᠦᠭᠰᠢᠭᠦᠷᠢ ᠶᠢ ᠨᠢ ᠬᠠᠪᠰᠤᠷᠤᠨ ᠠᠷᠭᠠᠴᠠᠭᠠᠬᠤ ᠶᠢᠨ | ᠲᠥᠯᠥᠭᠡ᠂ ᠤᠯᠤᠰ ᠠᠴᠠ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠭᠤᠷᠪᠠᠲᠤ | ᠳᠦᠷᠢᠮ ᠤᠨ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠣᠭᠲᠠᠯᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠤᠯᠠᠨ ᠲᠦᠮᠡᠨ ᠤ ᠡᠮᠴᠢᠯᠡᠭᠡᠨ ᠤ ᠵᠠᠷᠤᠳᠠᠯ ᠤᠨ | ᠳᠠᠷᠤᠭᠠᠰᠤ ᠶᠢ ᠨᠢ ᠱᠠᠲᠤ ᠳᠠᠷᠠᠭᠠᠯᠠᠨ ᠬᠥᠩᠭᠡᠯᠡᠪᠡ᠃ ᠡᠭᠦᠨ ᠳᠤ᠂ ᠬᠤᠲᠠ ᠬᠥᠳᠡᠭᠡᠨ ᠤ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ︵ᠳᠣᠷᠣᠭᠰᠢ | ︽ᠬᠦᠨᠳᠦ ᠡᠪᠡᠳᠴᠢᠨ ᠤ ᠳᠠᠭᠠᠳᠬᠠᠯ︾ ᠭᠡᠵᠦ ᠲᠣᠪᠴᠢᠯᠠᠪᠠ︶ ᠪᠣᠯ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠤᠨ ᠰᠠᠭᠤᠷᠢᠨ ᠳᠡᠭᠡᠷ᠎ᠡ ᠬᠦᠨᠳᠦ | ᠡᠪᠡᠳᠴᠢᠲᠡᠨ ᠤ ᠶᠡᠭᠡ ᠲᠣᠭᠠᠨ ᠤ ᠡᠮᠴᠢᠯᠡᠭᠡᠨ ᠤ ᠵᠠᠷᠤᠳᠠᠯ ᠢ ᠤᠯᠠᠮ ᠨᠢᠭᠡ ᠠᠯᠬᠤᠮ ᠪᠠᠲᠤᠯᠠᠬᠤ ᠳᠦᠷᠢᠮ ᠤᠨ ᠲᠣᠬᠢᠷᠠᠭᠤᠯᠤᠯᠲᠠ ᠮᠥᠨ᠃ | ᠬᠦᠨᠳᠦ ᠡᠪᠡᠳᠴᠢᠨ ᠤ ᠶᠡᠭᠡ ᠲᠣᠭᠠᠨ ᠤ ᠡᠮᠴᠢᠯᠡᠭᠡᠨ ᠤ ᠵᠠᠷᠤᠳᠠᠯ ᠤᠨ ᠡᠮᠦᠨ᠎ᠡ᠂ ᠬᠦᠨᠳᠦ ᠡᠪᠡᠳᠴᠢᠨ ᠤ ᠳᠠᠭᠠᠳᠬᠠᠯ ᠨᠢ ᠲᠦᠭ ᠲᠦᠮᠡᠨ ᠭᠡᠷ ᠪᠦᠯᠢ ᠶᠢᠨ | ᠪᠠᠷᠲᠠᠭ᠎ᠠ ᠲᠤᠭᠤᠯᠬᠤ ᠳᠤ ᠲᠤᠰᠠᠯᠠᠭᠰᠠᠨ ᠪᠣᠯᠪᠠᠴᠤ ᠴᠥᠭᠡᠨ ᠪᠤᠰᠤ ᠳᠠᠭᠠᠳᠬᠠᠯ ᠳᠤ ᠣᠷᠣᠯᠴᠠᠭᠰᠠᠳ ᠡᠨᠡ ᠬᠦ ᠳᠦᠷᠢᠮ ᠤᠨ ᠲᠤᠬᠠᠢ ᠣᠶᠢᠯᠠᠭᠠᠯᠲᠠ ᠳᠤᠲᠠᠮᠠᠭ | ᠪᠠᠶᠢᠨ᠎ᠠ᠃ ᠨᠡᠶᠢᠭᠡᠮ ᠤᠨ ᠨᠡᠶᠢᠳᠡᠮ ᠠᠩᠬᠠᠷᠴᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠬᠤᠯᠪᠣᠭᠳᠠᠯ | ᠪᠦᠬᠦᠢ ᠬᠠᠷᠢᠭᠤᠴᠠᠯᠭᠠᠲᠠᠨ ᠲᠦᠷᠦᠭᠦᠬᠡᠨ ᠳᠤ ᠲᠣᠳᠣᠷᠬᠠᠢ ᠬᠠᠷᠢᠭᠤᠯᠲᠠ ᠥᠭᠴᠡᠢ᠃ | ᠳᠠᠭᠠᠳᠬᠠᠯ ᠳᠤ ᠣᠷᠣᠯᠴᠠᠬᠤ ᠶᠢ ᠲᠤᠰᠠᠭᠠᠷ ᠭᠤᠶᠤᠴᠢᠯᠠᠬᠤ ᠴᠢᠬᠤᠯᠠ ᠦᠭᠡᠢ | ᠠᠰᠠᠭᠤᠯᠲᠠ᠄ ᠬᠦᠨᠳᠦ ᠡᠪᠡᠳᠴᠢᠨ ᠤ ᠳᠠᠭᠠᠳᠬᠠᠯ ᠢ ᠬᠡᠷᠬᠢᠨ ᠭᠤᠶᠤᠴᠢᠯᠠᠵᠤ᠂ ᠬᠡᠷᠬᠢᠨ ᠰᠦᠢᠳᠬᠡᠯ ᠲᠤᠰᠢᠶᠠᠬᠤ ᠪᠣᠢ︖ | ᠬᠠᠷᠢᠭᠤᠯᠲᠠ᠄ ᠳᠦᠷᠢᠮ ᠢ ᠪᠠᠶᠢᠭᠤᠯᠤᠭᠰᠠᠨ ᠠᠴᠠ ᠨᠠᠭᠠᠰᠢ᠂ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠳᠤ ᠳᠠᠭᠠᠳᠬᠠᠯ ᠳᠤ ᠣᠷᠣᠯᠴᠠᠬᠤ ᠶᠢ | ᠲᠤᠰᠠᠭᠠᠷ ᠭᠤᠶᠤᠴᠢᠯᠠᠬᠤ ᠴᠢᠬᠤᠯᠠ ᠦᠭᠡᠢ᠂ ᠬᠤᠲᠠ ᠬᠥᠳᠡᠭᠡᠨ ᠤ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ ᠰᠦᠢᠳᠬᠡᠯ ᠲᠤᠰᠢᠶᠠᠵᠤ | ᠣᠷᠣᠯᠴᠠᠭᠰᠠᠨ ᠪᠣᠶ ᠪᠦᠬᠦᠢ ᠬᠥᠮᠥᠰ ᠴᠥᠮ ᠬᠦᠨᠳᠦ ᠡᠪᠡᠳᠴᠢᠨ ᠤ ᠳᠠᠭᠠᠳᠬᠠᠯ ᠤᠨ ᠣᠷᠣᠯᠴᠠᠭᠴᠢ ᠮᠥᠨ ᠪᠣᠯᠬᠤᠷ ᠲᠤᠰᠠᠭᠠᠷ ᠰᠦᠢᠳᠬᠡᠯ ᠲᠤᠰᠢᠶᠠᠬᠤ ᠴᠢᠬᠤᠯᠠ | ᠦᠭᠡᠢ ᠭᠡᠵᠦ ᠲᠣᠭᠲᠠᠭᠠᠵᠠᠢ᠃ | ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠤᠨ ᠲᠤᠷᠰᠢᠯᠲᠠ ᠶᠢ 2012 ᠣᠨ ᠳᠤ ᠡᠬᠢᠯᠡᠭᠦᠯᠵᠦ᠂ 2015 ᠣᠨ ᠠᠴᠠ ᠡᠬᠢᠯᠡᠨ ᠪᠦᠬᠦ ᠲᠠᠯ᠎ᠠ ᠪᠠᠷ | ᠬᠡᠷᠡᠭᠵᠢᠭᠦᠯᠪᠡ᠃ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠮᠡᠳᠡᠭᠡᠨ ᠠᠴᠠ ᠦᠵᠡᠪᠡᠯ᠂ 10 ᠭᠠᠷᠤᠢ ᠵᠢᠯ ᠤᠨ ᠲᠤᠷᠰᠢ᠂ ᠬᠦᠨᠳᠦ ᠡᠪᠡᠳᠴᠢᠨ ᠤ | ᠳᠠᠭᠠᠳᠬᠠᠯ ᠨᠢ ᠳ᠋ᠦᠩᠰᠢᠭᠤᠷ ᠰᠢᠬᠠᠮ ᠡᠪᠡᠳᠴᠢᠲᠡᠳ ᠲᠤ ᠠᠰᠢᠭ ᠬᠦᠷᠲᠡᠭᠡᠭᠰᠡᠨ ᠪᠠᠶᠢᠨ᠎ᠠ᠃ ᠵᠥᠪᠬᠡᠨ 2023 ᠣᠨ ᠳᠤ᠂ ᠬᠦᠨᠳᠦ ᠡᠪᠡᠳᠴᠢᠨ ᠤ | ᠳᠠᠭᠠᠳᠬᠠᠯ ᠤᠨ ᠲᠠᠩᠰᠠ ᠲᠠᠶᠢᠯᠤᠭᠰᠠᠨ ᠬᠥᠮᠥᠨ 1156 ᠲᠦᠮᠡ ᠳᠤ ᠬᠦᠷᠴᠦ᠂ ᠬᠥᠮᠥᠨ ᠳᠤᠮᠳᠠᠴᠢ ᠶᠢᠨ ᠳᠠᠷᠤᠭᠠᠰᠤ ᠶᠢ 8000 ᠲᠥᠭᠦᠷᠢᠭ ᠬᠥᠩᠭᠡᠯᠡᠵᠦ᠂ | ᠬᠠᠮᠤᠭ ᠥᠨᠳᠥᠷ ᠲᠤ ᠪᠠᠨ ᠵᠠᠭᠤᠨ ᠲᠦᠮᠡᠨ ᠲᠥᠭᠦᠷᠢᠭ ᠠᠴᠠ ᠳᠡᠭᠡᠭᠰᠢᠬᠢ ᠲᠠᠩᠰᠠ ᠲᠠᠶᠢᠯᠤᠭᠰᠠᠨ ᠪᠠᠶᠢᠨ᠎ᠠ᠃ | ᠬᠦᠨᠳᠦ ᠡᠪᠡᠳᠴᠢᠨ ᠤ ᠳᠠᠭᠠᠳᠬᠠᠯ ᠤᠨ ᠦᠢᠯᠡᠳᠦᠯ ᠢ ᠮᠠᠰᠢ ᠰᠠᠶᠢᠨ ᠲᠣᠳᠣᠷᠬᠠᠶᠢᠯᠠᠵᠤ ᠴᠢᠳᠠᠬᠤ ᠨᠢᠭᠡᠨ ᠵᠢᠱᠢᠶ᠎ᠡ ᠪᠣᠢ᠃ ᠡᠨᠡ ᠵᠢᠯ ᠤᠨ ᠡᠬᠢᠨ ᠢᠶᠠᠷ᠂ | ᠠᠨᠾᠦ᠋ᠢ ᠮᠤᠵᠢ ᠶᠢᠨ ᠠᠨᠴᠢᠩ ᠬᠤᠳᠠ ᠶᠢᠨ ᠶᠤᠸᠠᠢ ᠰᠢ ᠰᠢᠶᠠᠨ ᠳᠤ᠂ 37 ᠨᠠᠰᠤᠲᠠᠢ ᠴᠦ᠋ ᠠᠪᠤᠭᠠᠢ ᠭᠡᠨᠡᠳᠲᠡ ᠵᠢᠷᠦᠬᠡᠨ ᠤ ᠡᠭᠦᠰᠪᠦᠷᠢ ᠶᠢᠨ ᠱᠣᠺ ᠡᠭᠦᠰᠴᠦ᠂ | ᠰᠥᠨᠢ ᠳᠦᠯᠢ ᠪᠠᠷ ᠡᠮᠨᠡᠯᠭᠡ ᠳᠤ ᠬᠦᠷᠭᠡᠵᠦ ᠲᠦᠷᠭᠡᠨ ᠠᠪᠤᠷᠠᠭᠤᠯᠵᠠᠢ᠃ ᠬᠤᠶᠢᠰᠢᠳᠠ ᠶᠢᠨ ᠮᠡᠰᠡ ᠵᠠᠰᠠᠯ ᠳᠠᠬᠢ ᠶᠡᠭᠡ ᠲᠣᠭᠠᠨ ᠤ ᠡᠮᠴᠢᠯᠡᠭᠡᠨ ᠤ ᠵᠠᠷᠤᠳᠠᠯ ᠤᠨ | ᠲᠠᠯ᠎ᠠ ᠪᠠᠷ ᠭᠡᠷ ᠤᠨ ᠬᠥᠮᠥᠰ ᠨᠢ ᠰᠠᠨᠠᠭ᠎ᠠ ᠵᠣᠪᠠᠵᠤ ᠪᠠᠶᠢᠯ᠎ᠠ᠃ ᠲᠣᠰᠬᠤᠨ ᠤ ᠡᠮᠴᠢᠯᠡᠭᠡᠨ ᠤ ᠳᠠᠭᠠᠳᠬᠠᠯ ᠤᠨ ᠲᠤᠰᠬᠠᠢ ᠠᠵᠢᠯᠲᠠᠨ ᠪᠠᠶᠢᠳᠠᠯ ᠢ ᠣᠶᠢᠯᠠᠭᠠᠭᠰᠠᠨ ᠤ | ᠳᠠᠷᠠᠭ᠎ᠠ ᠲᠡᠳᠡᠨ ᠢ ᠰᠠᠨᠠᠭ᠎ᠠ ᠵᠣᠪᠠᠭ᠋ᠤ ᠬᠡᠷᠡᠭ ᠦᠭᠡᠢ᠂ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ ᠪᠠᠶᠢᠬᠤ ᠲᠤᠯᠠ ᠲᠠᠩᠰᠠ ᠳᠡᠶᠢᠯᠵᠦ | ᠪᠣᠯᠣᠨ᠎ᠠ ᠭᠡᠵᠡᠢ᠃ ᠴᠦ᠋ ᠠᠪᠤᠭᠠᠢ ᠶᠢᠨ ᠡᠮᠨᠡᠯᠭᠡ ᠳᠤ ᠰᠠᠭᠤᠭᠰᠠᠨ ᠬᠤᠭᠤᠴᠠᠭᠠᠨ ᠳᠠᠬᠢ ᠵᠠᠷᠤᠳᠠᠯ ᠢ ᠡᠮᠴᠢᠯᠡᠭᠡᠨ ᠤ ᠳᠠᠭᠠᠳᠬᠠᠯ ᠤᠨ ᠭᠤᠷᠪᠠᠲᠤ ᠳᠦᠷᠢᠮ ᠪᠠᠷᠤᠭ | 2/3 ᠢ ᠨᠢ ᠳᠠᠩᠰᠠ ᠳᠡᠶᠢᠯᠵᠦ ᠥᠭᠴᠡᠢ᠂ ᠡᠭᠦᠨ ᠤ ᠳᠣᠲᠣᠷ᠎ᠠ ᠬᠦᠨᠳᠦ ᠡᠪᠡᠳᠴᠢᠨ ᠤ ᠳᠠᠭᠠᠳᠬᠠᠯ ᠤᠨ ᠳᠠᠩᠰᠠ ᠲᠠᠶᠢᠯᠬᠤ ᠲᠤᠭ᠎ᠠ ᠨᠢ ᠶᠡᠬᠡᠩᠬᠢ ᠶᠢ ᠡᠵᠡᠯᠡᠵᠦ᠂ | ᠭᠡᠷ ᠪᠦᠯᠢ ᠶᠢᠨ ᠠᠵᠤ ᠠᠬᠤᠢ ᠶᠢᠨ ᠳᠠᠷᠤᠭᠠᠰᠤ ᠶᠢ ᠨᠢ ᠶᠡᠭᠡ ᠪᠠᠷ ᠬᠥᠩᠭᠡᠯᠡᠭᠰᠡᠨ ᠪᠠᠶᠢᠨ᠎ᠠ᠃ | ᠬᠦᠴᠢᠷᠳᠡᠯ ᠲᠠᠢ ᠬᠥᠮᠥᠰ ᠲᠤ ᠬᠠᠨᠳᠤᠭᠤᠯᠤᠨ᠂ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠶᠢ ᠦᠷᠭᠦᠯᠵᠢᠯᠡᠨ | ᠲᠡᠭᠦᠯᠳᠡᠷᠵᠢᠭᠦᠯᠦᠨ᠎ᠡ | ᠠᠰᠠᠭᠤᠯᠲᠠ᠄ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠥᠯᠥᠬᠦ ᠪᠠᠷᠢᠮᠵᠢᠶ᠎ᠠ ᠨᠢ ᠬᠡᠳᠦᠢ ᠪᠣᠯ︖ | ᠬᠠᠷᠢᠭᠤᠯᠲᠠ᠄ ᠣᠳᠣᠬᠠᠨ ᠳᠤ᠂ ᠤᠯᠤᠰ ᠠᠴᠠ ᠲᠣᠭᠲᠠᠭᠠᠭᠰᠠᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠥᠯᠥᠬᠦ ᠪᠠᠷᠢᠮᠵᠢᠶ᠎ᠠ ᠶᠢ ᠵᠠᠷᠴᠢᠮ | ᠳᠡᠭᠡᠷ᠎ᠡ ᠪᠠᠨ ᠨᠢᠭᠡᠳᠦᠯᠲᠡᠢ ᠲᠥᠯᠥᠪᠯᠡᠭᠡ ᠶᠢᠨ ᠭᠠᠵᠠᠷ ᠣᠷᠣᠨ ᠤ ᠰᠠᠭᠤᠭᠠᠯᠢ ᠠᠷᠠᠳ ᠤᠨ ᠲᠦᠷᠦᠭᠦᠤ ᠵᠢᠯ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢᠨ 50% ᠠᠴᠠ ᠬᠡᠲᠦᠷᠡᠭᠦᠯᠬᠦ ᠦᠭᠡᠢ᠂ ᠲᠥᠯᠥᠬᠦ ᠬᠠᠷᠢᠴᠠᠯ ᠢ 60% ᠠᠴᠠ ᠳᠣᠣᠷᠠᠳᠠᠭᠤᠯᠬᠤ ᠦᠭᠡᠢ︔ ᠰᠠᠭᠤᠭᠠᠯᠢ ᠠᠷᠠᠳ ᠤᠨ ᠡᠮᠴᠢᠯᠡᠭᠡᠨ ᠤ | ᠳᠠᠭᠠᠳᠬᠠᠯ ᠳᠤ ᠬᠦᠨᠳᠦ ᠡᠪᠡᠳᠴᠢᠨ ᠤ ᠳᠠᠭᠠᠳᠬᠠᠯ ᠤᠨ ᠬᠠᠮᠤᠭ ᠥᠨᠳᠥᠷ ᠲᠥᠯᠥᠬᠦ ᠬᠢᠵᠠᠭᠠᠷ ᠲᠤᠭ᠎ᠠ ᠶᠢ ᠨᠡᠮᠡᠵᠦ᠂ ᠵᠠᠷᠴᠢᠮ ᠳᠡᠭᠡᠷ᠎ᠡ ᠪᠠᠨ ᠲᠤᠬᠠᠢ ᠶᠢᠨ | ᠭᠠᠵᠠᠷ ᠤᠨ ᠰᠠᠭᠤᠭᠠᠯᠢ ᠠᠷᠠᠳ ᠤᠨ ᠬᠥᠮᠥᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢᠨ 6 ᠳᠠᠬᠢᠨ ᠣᠷᠴᠢᠮ ᠳᠤ ᠬᠦᠷᠦᠭᠦᠯᠦᠨ᠎ᠡ᠃ | ᠬᠦᠴᠢᠷᠳᠡᠯᠲᠡᠢ ᠬᠥᠮᠥᠰ ᠲᠤ ᠴᠢᠭᠯᠡᠭᠦᠯᠦᠨ᠂ ᠤᠯᠤᠰ ᠠᠴᠠ ᠬᠦᠨᠳᠦ ᠡᠪᠡᠳᠴᠢᠨ ᠤ ᠳᠠᠭᠠᠳᠬᠠᠯ ᠤᠨ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢᠨ | ᠲᠣᠬᠢᠷᠠᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠣᠨᠣᠪᠴᠢᠲᠠᠢ ᠪᠠᠷ ᠬᠡᠯᠪᠠᠶᠢᠯᠭᠡᠬᠦ ᠶᠢ ᠬᠡᠷᠡᠭᠵᠢᠭᠦᠯᠪᠡ᠃ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ | ᠣᠨᠴᠠ ᠬᠦᠴᠢᠷᠳᠡᠯᠲᠡᠢ ᠬᠥᠮᠥᠰ ᠪᠠ ᠳᠠᠬᠢᠨ ᠶᠠᠳᠠᠭᠤᠷᠠᠭᠰᠠᠨ ᠬᠢᠭᠡᠳ ᠶᠠᠳᠠᠭᠤᠷᠠᠭᠰᠠᠨ ᠬᠥᠮᠥᠰ ᠤᠨ ᠬᠦᠨᠳᠦ ᠡᠪᠡᠳᠴᠢᠨ ᠤ ᠳᠠᠭᠠᠳᠬᠠᠯ ᠤᠨ ᠡᠬᠢᠯᠡᠵᠦ ᠲᠥᠯᠥᠬᠦ | ᠪᠠᠷᠢᠮᠵᠢᠶ᠎ᠠ ᠶᠢ 50% ᠪᠠᠷ ᠪᠠᠭᠤᠷᠠᠭᠤᠯᠵᠤ᠂ ᠲᠥᠯᠥᠬᠦ ᠬᠠᠷᠢᠴᠠᠯ ᠢ 5 ᠵᠠᠭᠤᠨ ᠤ ᠴᠡᠭ ᠳᠡᠭᠡᠭᠰᠢᠯᠡᠭᠦᠯᠬᠦ ᠶᠢᠨ ᠬᠠᠮᠲᠤ ᠬᠠᠮᠤᠭ ᠤᠨ ᠥᠨᠳᠥᠷ ᠲᠥᠯᠥᠬᠦ ᠬᠢᠵᠠᠭᠠᠷ | ᠲᠤᠭ᠎ᠠ ᠶᠢ ᠦᠭᠡᠶᠢᠰᠬᠡᠪᠡ᠃ | ᠣᠳᠣᠬᠠᠨ ᠳᠤ᠂ ᠬᠡᠦᠬᠡᠳ ᠤᠨ ᠴᠢᠰᠤ ᠴᠠᠶᠢᠬᠤ ᠡᠪᠡᠳᠴᠢᠨ᠂ ᠲᠥᠷᠥᠯᠬᠢ ᠵᠢᠷᠦᠬᠡᠨ ᠡᠪᠡᠳᠴᠢᠨ᠂ ᠠᠭᠤᠰᠬᠢᠨ ᠤ ᠥᠮᠡᠨ ᠵᠡᠷᠭᠡ ᠵᠠᠷᠤᠳᠠᠯ ᠶᠡᠬᠡᠲᠡᠢ ᠬᠦᠨᠳᠦ | ᠡᠪᠡᠳᠴᠢᠨ ᠨᠦᠭᠦᠳ ᠢ ᠪᠠᠭᠲᠠᠭᠠᠭᠰᠠᠨ ᠲᠣᠭᠲᠠᠭᠠᠯ ᠳᠤ ᠨᠡᠶᠢᠴᠡᠬᠦ ᠶᠢ ᠨᠢ ᠴᠥᠮ ᠬᠦᠨᠳᠦ ᠡᠪᠡᠳᠴᠢᠨ ᠤ ᠳᠠᠭᠠᠳᠬᠠᠯ ᠢᠶᠠᠷ ᠲᠠᠩᠰᠠ ᠳᠡᠶᠢᠯᠵᠦ ᠪᠣᠯᠣᠨ᠎ᠠ᠃ | ᠠᠰᠠᠭᠤᠯᠲᠠ᠄ ᠬᠦᠨᠳᠦ ᠡᠪᠡᠳᠴᠢᠨ ᠤ ᠳᠠᠭᠠᠳᠬᠠᠯ ᠢ ᠬᠡᠷᠬᠢᠨ ᠳ᠋ᠦᠩᠨᠡᠨ ᠪᠤᠳᠤᠬᠤ ᠪᠣᠶ︖ | ᠬᠠᠷᠢᠭᠤᠯᠲᠠ᠄ ᠰᠠᠭᠤᠭᠠᠯᠢ ᠠᠷᠠᠳ ᠤᠨ ᠡᠮᠴᠢᠯᠡᠭᠡᠨ ᠤ ᠳᠠᠭᠠᠳᠬᠠᠯ ᠳᠤ ᠣᠷᠣᠯᠴᠠᠭᠴᠢ ᠲᠣᠭᠲᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠳᠤ ᠡᠮᠴᠢᠯᠡᠭᠡᠨ ᠤ | ᠵᠠᠷᠤᠳᠠᠯ ᠭᠠᠷᠭᠠᠭᠠᠳ ᠲᠡᠷᠡ ᠵᠠᠷᠤᠳᠠᠯ ᠨᠢ ᠬᠦᠨᠳᠦ ᠡᠪᠡᠳᠴᠢᠨ ᠤ ᠳᠠᠭᠠᠳᠬᠠᠯ ᠤᠨ ᠵᠠᠷᠤᠳᠠᠯ ᠤᠨ ᠬᠡᠰᠡᠭ ᠲᠤ ᠣᠷᠣᠭᠰᠠᠨ ᠪᠣᠯ᠂ ︽ᠭᠠᠭᠴᠠ ᠥᠷᠲᠡᠭᠡ︾ ᠪᠠᠷ | ᠳ᠋ᠦᠩᠨᠡᠨ ᠪᠤᠳᠤᠬᠤ ᠶᠢ ᠪᠡᠶᠡᠯᠡᠭᠦᠯᠦᠭᠰᠡᠨ ᠭᠠᠵᠠᠷ ᠣᠷᠣᠨ ᠳᠤ ᠳᠠᠷᠤᠢ ᠳᠤ ᠨᠢ ᠳ᠋ᠦᠩᠨᠡᠨ ᠪᠣᠳᠣᠵᠤ᠂ ᠬᠠᠮᠢᠶ᠎ᠠ ᠪᠦᠬᠦᠢ ᠬᠠᠷᠠᠭᠠᠯᠵᠠᠯ ᠢ ᠠᠶᠠᠨᠳᠠᠭᠠᠨ ᠬᠦᠷᠲᠡᠵᠦ᠂ | ᠲᠤᠰᠬᠠᠢ ᠭᠤᠶᠤᠴᠢᠯᠠᠬᠤ ᠴᠢᠬᠤᠯᠠ ᠦᠭᠡᠢ᠃ | 90% ᠠᠴᠠ ᠳᠡᠭᠡᠭᠰᠢᠬᠢ ᠨᠢᠭᠡᠳᠦᠯᠲᠡᠢ ᠲᠥᠯᠥᠪᠯᠡᠭᠡ ᠶᠢᠨ ᠭᠠᠵᠠᠷ ᠣᠷᠣᠨ ᠨᠤᠭᠤᠳ ᠵᠠᠰᠠᠭ ᠤᠨ ᠣᠷᠳᠣᠨ ᠬᠤᠳᠠᠯᠳᠤᠭᠠᠨ ᠤ ᠳᠠᠭᠠᠳᠬᠠᠯ ᠬᠤᠳᠠᠯᠳᠤᠨ | ᠠᠪᠬᠤ ᠪᠠᠷ ᠳᠠᠮᠵᠢᠭᠤᠯᠤᠨ ᠬᠦᠨᠳᠦ ᠡᠪᠡᠳᠴᠢᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠭᠦᠢᠴᠡᠳᠬᠡᠨ᠎ᠡ | ᠠᠰᠠᠭᠤᠯᠲᠠ᠄ ᠦᠨᠳᠦᠰᠦᠨ ᠡᠮᠴᠢᠯᠡᠭᠡᠨ ᠤ ᠳᠠᠭᠠᠳᠬᠠᠯ ᠪᠠ ᠬᠦᠨᠳᠦ ᠡᠪᠡᠳᠴᠢᠨ ᠤ ᠳᠠᠭᠠᠳᠬᠠᠯ ᠲᠠᠢ ᠪᠣᠯᠤᠭᠰᠠᠨ ᠪᠠᠶᠢᠲᠠᠯ᠎ᠠ ᠪᠠᠰᠠ ᠬᠤᠳᠠᠯᠳᠤᠭᠠᠨ ᠤ | ᠳᠠᠭᠠᠳᠬᠠᠯ ᠤᠨ ᠬᠦᠨᠳᠦ ᠡᠪᠡᠳᠴᠢᠨ ᠤ ᠳᠠᠭᠠᠳᠬᠠᠯ ᠢ ᠲᠤᠰᠠᠭᠠᠷ ᠬᠤᠳᠠᠯᠳᠤᠨ ᠠᠪᠬᠤ ᠴᠢᠬᠤᠯᠠᠲᠠᠢ ᠤᠤ︖ | ᠬᠠᠷᠢᠭᠤᠯᠲᠠ᠄ ᠬᠦᠨᠳᠦ ᠡᠪᠡᠳᠴᠢᠨ ᠤ ᠳᠠᠭᠠᠳᠬᠠᠯ ᠤᠨ ᠳᠦᠷᠢᠮ ᠢ ᠪᠠᠶᠢᠭᠤᠯᠤᠭᠰᠠᠨ ᠠᠴᠠ ᠡᠬᠢᠯᠡᠨ᠂ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ | ᠵᠠᠬ᠎ᠠ ᠳᠡᠯᠭᠡᠭᠦᠷ ᠤᠨ ᠣᠷᠣᠯᠴᠠᠬᠤ ᠶᠢ ᠢᠮᠠᠭᠲᠠ ᠵᠣᠷᠢᠭᠵᠢᠭᠤᠯᠵᠤ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢᠨ ᠳᠠᠭᠠᠭᠠᠨ ᠬᠢᠬᠦ ᠶᠢ ᠢᠳᠡᠪᠬᠢᠲᠡᠢ | ᠳᠡᠮᠵᠢᠵᠦ᠂ ᠡᠮᠴᠢᠯᠡᠭᠡᠨ ᠤ ᠳᠠᠭᠠᠳᠬᠠᠯ ᠤᠨ ᠨᠡᠶᠢᠭᠡᠮ ᠬᠤᠳᠠᠯᠳᠤᠭ᠎ᠠ ᠬᠠᠮᠲᠤᠷᠠᠯᠴᠠᠬᠤ ᠰᠢᠨ᠎ᠡ ᠵᠠᠭᠪᠤᠷ ᠪᠠᠶᠢᠭᠤᠯᠤᠨ ᠪᠦᠷᠢᠨᠰᠢᠭᠦᠯᠬᠦ ᠶᠢᠨ ᠰᠢᠨ᠎ᠡ ᠶᠢ ᠡᠭᠦᠳᠪᠡ᠃ | ᠣᠳᠣᠬᠠᠨ ᠳᠤ᠂ 90% ᠠᠴᠠ ᠳᠡᠭᠡᠭᠰᠢᠬᠢ ᠨᠢᠭᠡᠳᠦᠯᠲᠡᠢ ᠲᠥᠯᠥᠪᠯᠡᠭᠡ ᠶᠢᠨ ᠭᠠᠵᠠᠷ ᠣᠷᠣᠨ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠠᠷᠭ᠎ᠠ ᠪᠠᠷ | ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠳᠤ ᠨᠠᠶᠢᠳᠠᠵᠤ ᠬᠦᠨᠳᠦ ᠡᠪᠡᠳᠴᠢᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠳᠠᠭᠠᠭᠠᠨ ᠬᠢᠯᠭᠡᠵᠦ ᠪᠠᠶᠢᠭ᠎ᠠ ᠨᠢ | ᠬᠤᠳᠠᠯᠳᠤᠭᠠᠨ ᠤ ᠳᠠᠭᠠᠳᠬᠠᠯ ᠤᠨ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠭᠰᠡᠨ ᠢᠶᠠᠷ ᠪᠠᠷᠠᠬᠤ ᠦᠭᠡᠢ ᠬᠦᠨᠳᠦ ᠡᠪᠡᠳᠴᠢᠨ ᠤ ᠳᠠᠭᠠᠳᠬᠠᠯ ᠤᠨ | ᠬᠠᠮᠢᠶᠠᠷᠤᠯᠲᠠ ᠶᠢᠨ ᠦᠢᠯᠡᠴᠢᠯᠡᠭᠡᠨ ᠤ ᠲᠦᠪᠰᠢᠨ ᠢ ᠴᠦ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠳᠠᠭᠠᠳᠬᠠᠯ ᠤᠨ ᠴᠢᠳᠠᠮᠵᠢ ᠪᠣᠯ ᠲᠦᠭᠰᠢᠭᠦᠷᠢ ᠶᠢ ᠰᠡᠷᠭᠡᠶᠢᠯᠡᠬᠦ ᠶᠠᠪᠤᠳᠠᠯ ᠪᠣᠯᠣᠨ᠎ᠠ᠃ ᠦᠨᠳᠦᠰᠦᠨ ᠡᠮᠴᠢᠯᠡᠭᠡᠨ ᠤ ᠳᠠᠭᠠᠳᠬᠠᠯ ᠪᠠ ᠬᠦᠨᠳᠦ ᠡᠪᠡᠳᠴᠢᠨ ᠤ | ᠳᠠᠭᠠᠳᠬᠠᠯ ᠠᠴᠠ ᠭᠠᠳᠠᠨ᠎ᠠ᠂ ᠳᠠᠭᠠᠳᠬᠠᠯ ᠳᠤ ᠣᠷᠣᠯᠴᠠᠭᠴᠢ ᠬᠤᠳᠠᠯᠳᠤᠭᠠᠨ ᠤ ᠳᠠᠭᠠᠳᠬᠠᠯ ᠨᠥᠬᠦᠪᠦᠷᠢᠯᠡᠬᠦ ᠴᠢᠬᠤᠯᠠᠲᠠᠢ ᠡᠰᠡᠬᠦ ᠨᠢ ᠬᠤᠪᠢ ᠬᠥᠮᠥᠨ ᠤ ᠰᠠᠨᠠᠭ᠎ᠠ | ᠪᠠ ᠳᠠᠭᠠᠭᠠᠬᠤ ᠴᠢᠳᠠᠪᠤᠷᠢ ᠠᠴᠠ ᠪᠣᠯᠣᠨ᠎ᠠ᠃ ᠡᠲᠡᠭᠡᠷ ᠵᠢᠯ ᠤᠳ ᠲᠤ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠡᠯ᠎ᠡ ᠭᠠᠵᠠᠷ ᠤᠨ ᠬᠠᠮᠢᠶᠠᠷᠤᠯᠲᠠ | ᠦᠢᠯᠡᠴᠢᠯᠡᠭᠡᠨ ᠤ ᠲᠣᠭᠲᠠᠴᠠ ᠶᠢᠨ ᠰᠢᠨ᠎ᠡ ᠶᠢ ᠡᠭᠦᠳᠬᠦ ᠶᠢ ᠵᠣᠷᠢᠭᠵᠢᠭᠤᠯᠵᠤ᠂ ᠵᠠᠷᠢᠮ ᠭᠠᠵᠠᠷ ᠣᠷᠣᠨ ᠤ ᠰᠦᠪᠡᠭᠴᠢᠯᠡᠯᠲᠡ ᠨᠢ ᠨᠡᠯᠢᠶᠡᠳ ᠪᠦᠲᠦᠮᠵᠢᠲᠡᠢ ᠪᠠᠶᠢᠨ᠎ᠠ᠃ | | ᠵᠢᠱᠢᠶᠡᠯᠡᠪᠡᠯ᠂ ᠵᠧᠵᠢᠶᠠᠩ ᠮᠤᠵᠢ ᠶᠢᠨ ᠵᠢᠨᠬᠤᠸᠠ ᠬᠤᠲᠠ ︽ᠵᠠᠰᠠᠭ ᠤᠨ ᠣᠷᠳᠣᠨ ᠠᠵᠢᠯᠯᠠᠭ᠎ᠠ ᠲᠠᠢ᠂ ᠬᠤᠳᠠᠯᠳᠤᠭᠠᠨ ᠤ ᠳᠠᠭᠠᠳᠬᠠᠯ ᠳᠠᠭᠠᠭᠠᠨ ᠬᠢᠭᠰᠡᠨ᠂ | ᠨᠡᠶᠢᠭᠡᠮ ᠢᠶᠠᠷ ᠢᠶᠠᠨ ᠵᠠᠰᠠᠵᠠᠭᠠᠭᠰᠠᠨ︾ ᠬᠦᠨᠳᠦ ᠡᠪᠡᠳᠴᠢᠨ ᠤ ᠳᠠᠭᠠᠳᠬᠠᠯ ᠤᠨ ᠠᠵᠢᠯᠯᠠᠭᠠᠨ ᠤ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠬᠦᠨᠳᠦ | ᠡᠪᠡᠳᠴᠢᠨ ᠤ ᠳᠠᠭᠠᠳᠬᠠᠯ ᠢ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠶᠢᠨ ᠬᠤᠲᠠ ᠶᠢᠨ ᠲᠣᠭᠲᠠᠭᠠᠭᠰᠠᠨ ᠬᠡᠯᠪᠡᠷᠢ ᠶᠢᠨ ᠬᠤᠳᠠᠯᠳᠤᠭᠠᠨ ᠤ ᠳᠠᠭᠠᠳᠬᠠᠯ ᠲᠠᠢ | ᠠᠭᠤᠰᠤᠯᠴᠠᠭᠤᠯᠵᠤ᠂ ᠬᠦᠨᠳᠦ ᠡᠪᠡᠳᠴᠢᠨ ᠤ ᠳᠠᠭᠠᠳᠬᠠᠯ ᠤᠨ ᠦᠨᠳᠦᠰᠦᠨ ᠳᠠᠭᠠᠳᠬᠠᠯ ᠤᠨ ᠰᠦᠢᠳᠬᠡᠯ ᠤᠨ ᠰᠠᠭᠤᠷᠢᠨ ᠳᠡᠭᠡᠷ᠎ᠡ᠂ ᠬᠤᠪᠢ ᠬᠥᠮᠥᠨ ᠤ ︽ | ᠳᠠᠭᠠᠳᠬᠠᠯ ᠤᠨ ᠰᠦᠢᠳᠬᠡᠯ ᠢ ᠰᠣᠩᠭᠤᠨ ᠲᠤᠰᠢᠶᠠᠬᠤ︾ ᠲᠣᠭᠲᠠᠴᠠ ᠶᠢᠨ ᠰᠢᠨ᠎ᠡ ᠶᠢ ᠡᠭᠦᠳᠴᠦ᠂ ︽ᠢᠯᠡᠭᠦᠦ ᠲᠤᠰᠢᠶᠠᠪᠠᠯ ᠢᠯᠡᠭᠦᠦ ᠣᠯᠬᠤ᠂ ᠦᠷᠭᠦᠯᠵᠢᠯᠡᠨ | ᠲᠤᠰᠢᠶᠠᠪᠠᠯ ᠢᠯᠡᠭᠦᠦ ᠣᠯᠬᠤ︾ ᠶᠢ ᠪᠡᠶᠡᠯᠡᠭᠦᠯᠵᠡᠢ᠃ 2023 ᠣᠨ ᠤ ᠡᠴᠦᠰ ᠪᠣᠯᠲᠠᠯ᠎ᠠ᠂ ᠵᠢᠨᠬᠤᠸᠠ ᠶᠢᠨ ᠬᠦᠨᠳᠦ ᠡᠪᠡᠳᠴᠢᠨ ᠤ ᠳᠠᠭᠠᠳᠬᠠᠯ ᠨᠢ ᠨᠡᠶᠢᠲᠡ 64. | 53 ᠲᠦᠮᠡᠨ ᠬᠥᠮᠥᠨ ᠤ ᠳᠠᠷᠤᠭᠠᠰᠤ ᠶᠢ 75.84 ᠳ᠋ᠦᠩᠰᠢᠭᠤᠷ ᠲᠥᠭᠦᠷᠢᠭ ᠬᠥᠩᠭᠡᠯᠡᠵᠦ᠂ ᠲᠠᠩᠰᠠ ᠲᠠᠶᠢᠯᠤᠭᠰᠠᠨ ᠵᠣᠭᠤᠰ ᠤᠨ ᠲᠤᠭ᠎ᠠ ᠨᠢ 20 ᠲᠦᠮᠡᠨ | ᠲᠥᠭᠦᠷᠢᠭ ᠠᠴᠠ ᠳᠡᠭᠡᠭᠰᠢ ᠨᠢ 1798 ᠬᠥᠮᠥᠨ ᠪᠠᠶᠢᠪᠠ᠃ | | | |