ᠨᠠ᠊ · ᠪᠠᠲᠤᠵᠢᠷᠭᠠᠯ᠄ ᠮᠣᠩᠭᠤᠯ ᠦᠨᠳᠦᠰᠦᠲᠡᠨ᠂ ᠡᠷᠡᠭᠲᠡᠢ᠂ 1954 ᠣᠨ ᠳᠤ ᠣᠲᠤᠭ ᠬᠤᠰᠢᠭᠤᠨ ᠤ ᠰᠢᠨ᠎ᠡ ᠵᠣᠣ ᠰᠤᠮᠤᠨ ᠳᠤ ᠲᠥᠷᠥᠵᠡᠢ᠃ 1975 | ᠣᠨ ᠳᠤ ᠥᠪᠥᠷ ᠮᠣᠩᠭᠤᠯ ᠤᠨ ᠮᠣᠩᠭᠤᠯ ᠬᠡᠯᠡᠨ ᠤ ᠲᠤᠰᠬᠠᠢ ᠮᠡᠷᠭᠡᠵᠢᠯ ᠤᠨ ᠰᠤᠷᠭᠠᠭᠤᠯᠢ ᠶᠢᠨ ᠣᠷᠴᠢᠭᠤᠯᠭ᠎ᠠ ᠶᠢᠨ ᠠᠩᠭᠢ ᠠᠴᠠ ᠲᠡᠭᠦᠰᠴᠦ᠂ ᠥᠪᠥᠷ | ᠮᠣᠩᠭᠤᠯ ᠤᠨ ᠮᠣᠩᠭᠤᠯ ᠬᠡᠯᠡ ᠤᠳᠬ᠎ᠠ ᠵᠣᠬᠢᠶᠠᠯ ᠲᠡᠦᠬᠡ ᠰᠤᠳᠤᠯᠬᠤ ᠭᠠᠵᠠᠷ ᠠᠵᠢᠯᠯᠠᠵᠠᠢ᠃ 1979 ᠣᠨ ᠳᠤ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠳᠤ ᠰᠢᠯᠵᠢᠨ ᠠᠵᠢᠯᠯᠠᠵᠦ᠂ ᠶᠡᠭᠡ ᠰᠤᠷᠭᠠᠭᠤᠯᠢ ᠶᠢᠨ ᠵᠢᠩᠭᠢᠨᠢ ᠠᠩᠭᠢ᠂ ᠶᠡᠭᠡ ᠰᠤᠷᠭᠠᠭᠤᠯᠢ ᠶᠢᠨ ᠠᠰᠫᠢᠷᠠᠨᠲ ᠤᠨ ᠠᠩᠭᠢ ᠶᠢ ᠲᠡᠭᠦᠰᠬᠡᠵᠦ᠂ | ᠮᠣᠩᠭᠤᠯ ᠤᠯᠤᠰ ᠤᠨ ᠶᠡᠭᠡ ᠰᠤᠷᠭᠠᠭᠤᠯᠢ ᠳᠤ ᠰᠤᠷᠪᠤᠯᠵᠢᠯᠠᠭᠴᠢ ᠡᠷᠳᠡᠮᠲᠡᠨ ᠤ ᠬᠤᠪᠢ ᠪᠠᠷ ᠰᠤᠷᠤᠯᠴᠠᠬᠤ ᠳᠠᠭᠠᠨ ᠮᠣᠩᠭᠤᠯ ᠤᠯᠤᠰ ᠤᠨ ᠰᠢᠨᠵᠢᠯᠡᠬᠦ ᠤᠬᠠᠭᠠᠨ ᠤ | ᠠᠺᠠᠳᠧᠮᠢ ᠳᠤ ︽ᠣᠷᠳᠣᠰ ᠠᠮᠠᠨ ᠠᠶᠠᠯᠭᠤᠨ ᠤ ᠦᠭᠡᠰ ᠤᠨ ᠰᠠᠩ ᠤᠨ ᠰᠤᠳᠤᠯᠤᠯ︾ ᠰᠡᠳᠦᠪ ᠢᠶᠠᠷ ᠬᠡᠯᠡ ᠪᠢᠴᠢᠭ ᠤᠨ ᠤᠬᠠᠭᠠᠨ ᠤ ᠳ᠋ᠣᠺᠲ᠋ᠣᠷ ᠵᠡᠷᠭᠡ | ᠬᠠᠮᠠᠭᠠᠯᠠᠪᠠ᠃ ᠲᠡᠷᠡ ︽ᠠᠷᠵᠠᠢ ᠠᠭᠤᠯᠠ ᠶᠢᠨ ᠠᠭᠤᠢ ᠳᠠᠬᠢ ᠣᠶᠢᠭᠤᠷᠵᠢᠨ ᠮᠣᠩᠭᠤᠯ ᠪᠢᠴᠢᠭᠡᠰᠦᠨ ᠤ ᠰᠤᠳᠤᠯᠤᠯ︾᠂ ︽ᠺᠠᠯᠸᠢᠶᠤ᠋ ᠶᠢᠨ ᠵᠡᠭᠦᠨᠰᠢ ᠡᠯᠴᠢᠯᠡᠭᠰᠡᠨ | ᠲᠡᠮᠳᠡᠭᠯᠡᠯ︾ ᠵᠡᠷᠭᠡ ᠨᠣᠮ ᠪᠣᠯᠣᠨ ᠠᠷᠵᠠᠢ ᠶᠢᠨ ᠲᠤᠬᠠᠢ ᠰᠤᠳᠤᠯᠤᠯ ᠤᠨ ᠬᠤᠷᠢᠭᠠᠳ ᠦᠬᠦᠯᠡᠯ ᠨᠡᠶᠢᠲᠡᠯᠡᠵᠡᠢ᠃ ᠮᠥᠨ ᠴᠤ ᠤᠯᠤᠰ ᠤᠨ ᠭᠠᠪᠢᠶᠠᠲᠤ ᠮᠣᠩᠭᠤᠯ | ᠰᠡᠳᠬᠦᠯᠴᠢ ᠪᠠᠷ ᠴᠣᠯᠠᠯᠠᠭᠳᠠᠭᠰᠠᠨ ᠪᠥᠭᠡᠳ ᠳᠤᠮᠳᠠᠳᠤ ᠤᠯᠤᠰ ᠤᠨ ᠮᠣᠩᠭᠤᠯ ᠬᠡᠯᠡ ᠰᠢᠨᠵᠢᠯᠡᠭᠡᠨ ᠤ ᠨᠡᠶᠢᠭᠡᠮᠯᠢᠭ ᠤᠨ ᠰᠢᠯᠢᠳᠡᠭ ᠦᠬᠦᠯᠡᠯ ᠤᠨ ᠱᠠᠩᠨᠠᠯ ᠪᠠ ᠥᠪᠥᠷ | ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠰᠢᠯᠢᠳᠡᠭ ᠪᠦᠲᠦᠭᠡᠯ ᠤᠨ ᠱᠠᠩᠨᠠᠯ᠂ ᠣᠷᠣᠨ ᠤ ᠲᠡᠰ ᠤᠨ ᠨᠢᠭᠡ ᠬᠤᠶᠠᠷ ᠭᠤᠷᠪᠠᠳᠤᠭᠠᠷ | ᠲᠡᠰ ᠤᠨ ᠱᠠᠩᠨᠠᠯ ᠢ ᠣᠯᠠᠨᠲᠠ ᠬᠦᠷᠲᠡᠵᠡᠢ᠃ ᠲᠡᠷᠡ ᠣᠳᠣ ︽ᠮᠣᠩᠭᠤᠯ ᠬᠡᠯᠡ ᠤᠳᠬ᠎ᠠ ᠵᠣᠬᠢᠶᠠᠯ︾ ᠰᠡᠳᠬᠦᠯ ᠤᠨ ᠳᠡᠳ᠋ ᠬᠢᠨᠠᠨ ᠨᠠᠶᠢᠷᠠᠭᠤᠯᠤᠭᠴᠢ᠂ ᠳᠤᠮᠳᠠᠳᠤ | ᠤᠯᠤᠰ ᠤᠨ ᠮᠣᠩᠭᠤᠯ ᠬᠡᠯᠡ ᠪᠢᠴᠢᠭ ᠤᠨ ᠰᠢᠨᠵᠢᠯᠡᠭᠡᠨ ᠤ ᠨᠡᠶᠢᠭᠡᠮᠯᠢᠭ ᠤᠨ ᠬᠡᠷᠡᠭ ᠡᠷᠬᠢᠯᠡᠭᠴᠢ᠂ ᠡᠷᠳᠡᠮ ᠰᠢᠨᠵᠢᠯᠡᠭᠡᠨ ᠤ ᠵᠥᠪᠯᠡᠯ ᠤᠨ ᠭᠡᠰᠢᠭᠦᠨ᠂ ᠳᠤᠮᠳᠠᠳᠤ | ᠤᠯᠤᠰ ᠤᠨ ᠮᠣᠩᠭᠤᠯ ᠲᠡᠦᠬᠡ ᠶᠢᠨ ᠰᠢᠨᠵᠢᠯᠡᠭᠡᠨ ᠤ ᠨᠡᠶᠢᠭᠡᠮᠯᠢᠭ ᠤᠨ ᠭᠡᠰᠢᠭᠦᠨ᠂ ᠳᠤᠮᠳᠠᠳᠤ ᠤᠯᠤᠰ ᠤᠨ ᠣᠷᠴᠢᠭᠤᠯᠭ᠎ᠠ ᠶᠢᠨ ᠠᠵᠢᠯᠲᠠᠳ ᠤᠨ ᠨᠡᠶᠢᠭᠡᠮᠯᠢᠭ ᠤᠨ | ᠭᠡᠰᠢᠭᠦᠨ᠂ ᠳᠤᠮᠳᠠᠳᠤ ᠤᠯᠤᠰ ᠤᠨ ᠮᠣᠩᠭᠤᠯ ᠰᠤᠳᠤᠯᠤᠯ ᠤᠨ ᠨᠡᠶᠢᠭᠡᠮᠯᠢᠭ ᠤᠨ ᠪᠡᠯᠡᠳᠬᠡᠯ ᠺᠣᠮᠢᠰ ᠤᠨ ᠭᠡᠰᠢᠭᠦᠨ ᠢᠶᠠᠷ ᠠᠵᠢᠯᠯᠠᠵᠦ ᠪᠠᠶᠢᠨ᠎ᠠ᠃ | | ︽ᠣᠲᠤᠭ ᠬᠤᠰᠢᠭᠤᠨ ᠤ ᠣᠶᠢᠯᠠᠯᠭ᠎ᠠ︾ ︽ᠣᠲᠤᠭ ᠬᠤᠰᠢᠭᠤᠨ ᠤ ᠣᠶᠢᠯᠠᠯᠭ᠎ᠠ︾ ᠨᠠᠶᠢᠷᠠᠭᠤᠯᠬᠤ ᠺᠣᠮᠢᠰ ᠨᠠᠶᠢᠷᠠᠭᠤᠯᠪᠠ | | |