ᠨᠠᠷᠢᠨ ᠰᠠᠯᠵᠢᠷ
ᠨᠡᠶᠢᠲᠡᠯᠡᠭᠰᠡᠨ ᠴᠠᠭ᠄
2024/4/23
      ᠪᠤᠷᠴᠠᠭ ᠤᠨ ᠢᠵᠠᠭᠤᠷ᠂ ᠰᠠᠯᠵᠢᠷ ᠤᠨ ᠲᠥᠷᠥᠯ᠃ ᠣᠯᠠᠨ ᠨᠠᠰᠤᠲᠤ ᠡᠪᠡᠰᠦᠯᠢᠭ ᠤᠷᠭᠤᠮᠠᠯ᠂ 5 ᠳ᠋ᠤᠭᠠᠷ ᠰᠠᠷ᠎ᠠ ᠳᠤ ᠴᠡᠴᠡᠭᠯᠡᠵᠦ᠂ 5 — 7 ᠳ᠋ᠤᠭᠠᠷ ᠰᠠᠷ᠎ᠠ ᠳᠤ ᠦᠷᠡᠯᠡᠨ᠎ᠡ᠃      ᠬᠡᠭᠡᠷ᠎ᠡ ᠲᠠᠯ᠎ᠠ ᠶᠢᠨ ᠭᠠᠩᠰᠠᠭ ᠤᠷᠭᠤᠮᠠᠯ᠃ ᠪᠦᠬᠦ ᠬᠤᠰᠢᠭᠤᠨ ᠤ ᠡᠯ᠎ᠡ ᠭᠠᠵᠠᠷ ᠲᠤ ᠤᠷᠭᠤᠳᠠᠭ᠃      ᠨᠡᠯᠢᠶᠡᠳ ᠰᠠᠶᠢᠨ ᠲᠡᠵᠢᠭᠡᠯ ᠤᠷᠭᠤᠮᠠᠯ ᠪᠣᠯᠣᠨ᠎ᠠ᠃ ᠨᠢᠯᠬ᠎ᠠ ᠵᠥᠭᠡᠯᠡᠨ ᠦᠶ᠎ᠡ ᠳᠤᠨᠢ ᠬᠤᠨᠢ᠂ ᠢᠮᠠᠭ᠎ᠠ ᠢᠳᠡᠨ᠎ᠡ᠂ ᠵᠢᠮᠢᠰᠯᠡᠭᠰᠡᠨ ᠤ ᠳᠠᠷᠠᠭ᠎ᠠ ᠪᠤᠷᠴᠠᠭ ᠵᠢᠮᠢᠰ ᠢ ᠨᠢ ᠢᠳᠡᠬᠦ ᠳᠤᠷᠠᠲᠠᠢ᠃ ᠪᠦᠬᠦᠯᠢ ᠡᠪᠡᠰᠦ ᠨᠢ ᠡᠮ ᠳᠤ ᠣᠷᠣᠨ᠎ᠠ᠃                           ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾  ᠪᠠᠭᠠᠲᠤᠷ ᠨᠠᠶᠢᠷᠠᠭᠤᠯᠤᠨ ᠵᠤᠬᠢᠶᠠᠪᠠ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ