ᠣᠲᠤᠭ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠡᠷᠬᠢᠯᠡᠪᠡ
ᠨᠡᠶᠢᠲᠡᠯᠡᠭᠰᠡᠨ ᠴᠠᠭ᠄
2024/4/24
      4 ᠰᠠᠷ᠎ᠠ ᠶᠢᠨ 22 ᠠᠴᠠ 23 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢ ᠡᠷᠭᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠬᠢᠨᠠᠮᠠᠭᠠᠢ ᠰᠤᠷᠤᠯᠴᠠᠵᠤ ᠣᠶᠢᠯᠠᠭᠠᠨ᠂ ᠰᠢᠶᠠᠨ ᠤ ᠲᠠᠰ ᠤᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠤᠷᠢᠳᠠᠪᠠᠷ ᠰᠤᠷᠤᠯᠴᠠᠵᠤ ᠤᠷᠢᠳᠠᠪᠠᠷ ᠬᠡᠷᠡᠭᠵᠢᠭᠦᠯᠬᠦ ᠪᠠᠷ ᠪᠥᠬᠦ ᠬᠤᠰᠢᠭᠤᠨ ᠤ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠣᠶᠢᠯᠠᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠳᠠᠶᠢᠴᠢᠯᠠᠨ ᠳᠠᠭᠠᠭᠤᠯᠪᠠ᠃ ᠬᠤᠰᠢᠭᠤ ᠨᠠᠮ ᠤᠨ ᠬᠤᠷᠢᠶᠠᠨ ᠤ ᠱᠦᠵᠢ ᠭᠤᠸ ᠬᠤᠸᠠᠢ ᠵᠢᠩ ᠤᠨ ᠨᠠᠶᠢᠳᠠᠯᠭ᠎ᠠ ᠪᠠᠷ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠡᠭ ᠬᠤᠷᠠᠯ ᠡᠷᠭᠢᠯᠡᠪᠡ᠃      ᠨᠣᠮ ᠤᠩᠰᠢᠬᠤ ᠠᠩᠭᠢ ᠨᠢ ᠥᠪᠡᠷ ᠢᠶᠠᠨ ᠰᠤᠷᠤᠯᠴᠠᠬᠤ᠂ ᠲᠤᠰᠬᠠᠢ ᠮᠡᠷᠭᠡᠵᠢᠯᠲᠡᠨ ᠬᠠᠪᠰᠤᠷᠤᠨ ᠵᠢᠯᠤᠭᠤᠳᠬᠤ ᠪᠠ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠬᠡᠯᠪᠡᠷᠢ ᠪᠠᠷ ᠶᠠᠪᠤᠭᠳᠠᠪᠠ᠃ ᠬᠤᠶᠠᠷ ᠡᠳᠦᠷ ᠤᠨ ᠲᠤᠷᠰᠢ᠂ ᠬᠤᠰᠢᠭᠤᠨ ᠳᠤ ᠪᠠᠶᠢᠭ᠎ᠠ ᠰᠢᠶᠠᠨ ᠤ ᠲᠠᠰ ᠤᠨ ᠨᠠᠮ ᠤᠨ ᠭᠡᠰᠢᠭᠦᠨ ᠤᠳᠤᠷᠢᠳᠤᠯᠭ᠎ᠠ ᠨᠠᠷ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠲᠡᠷᠡ ᠬᠡᠪ ᠢᠶᠠᠷ ᠨᠢ ᠪᠦᠯᠦᠭ ᠪᠦᠯᠦᠭ ᠢᠶᠠᠷ ᠰᠤᠷᠤᠯᠴᠠᠵᠤ᠂ ᠪᠠᠰᠠ ᠣᠷᠳᠣᠰ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠰᠢᠭᠦᠨ ᠰᠢᠢᠳᠪᠦᠷᠢᠯᠡᠬᠦ ᠲᠠᠰᠤᠭ ᠤᠨ ᠵᠢᠶᠠ ᠶᠢᠨ ᠨᠥᠬᠦᠷ ᠢ ᠤᠷᠢᠵᠤ ᠲᠤᠰᠬᠠᠢ ᠰᠡᠳᠦᠪᠲᠦ ᠵᠢᠯᠣᠭᠤᠳᠤᠯᠭ᠎ᠠ ᠬᠢᠯᠭᠡᠭᠰᠡᠨ ᠪᠥᠭᠡᠳ ᠨᠠᠮ ᠤᠨ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠲᠣᠭᠤᠷᠢᠨ ᠳᠤ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ ᠰᠤᠳᠤᠯᠤᠨ ᠶᠠᠷᠢᠯᠴᠠᠪᠠ᠃      ᠬᠤᠷᠠᠯ ᠠᠴᠠ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢᠨ ᠴᠢᠬᠤᠯᠠ ᠠᠷᠭ᠎ᠠ ᠬᠡᠮᠵᠢᠶ᠎ᠡ ᠮᠥᠨ᠃ ᠨᠡᠪᠲᠡᠷᠡᠲᠡᠯ᠎ᠡ ᠣᠶᠢᠯᠠᠭᠠᠨ ᠰᠠᠶᠢᠲᠤᠷ ᠬᠠᠷᠢᠴᠠᠭᠤᠯᠬᠤ ᠶᠢ ᠪᠠᠷᠢᠮᠲᠠᠯᠠᠵᠤ᠂ ᠰᠠᠬᠢᠯᠭ᠎ᠠ ᠪᠠᠲᠤ ᠶᠢ ᠲᠣᠭᠲᠠᠭᠠᠨ  ᠴᠢᠩᠳᠠᠯᠠᠵᠤ ᠬᠡᠷᠡᠭᠵᠢᠭᠦᠯᠦᠨ᠂ ᠡᠷᠡᠰ ᠴᠢᠩᠭ᠎ᠠ ᠰᠠᠬᠢᠯᠭ᠎ᠠ ᠪᠠᠲᠤ ᠪᠠᠷ ᠡᠯ᠎ᠡ ᠵᠦᠢᠯ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠵᠤ᠂ ᠬᠡᠯᠪᠡᠷᠢ ᠶᠢᠨ ᠲᠡᠳᠦᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠴᠠ ᠰᠡᠷᠭᠡᠶᠢᠯᠡᠬᠦ ᠬᠡᠷᠡᠭᠲᠡᠢ᠃ ᠭᠦᠢᠴᠡᠳ ᠰᠤᠷᠤᠯᠴᠠᠬᠤ ᠶᠢ ᠪᠠᠷᠢᠮᠲᠠᠯᠠᠵᠤ᠂ ᠨᠠᠮ ᠤᠨ ᠳᠦᠷᠢᠮ ᠢᠶᠠᠷ ᠦᠨᠳᠦᠰᠦᠨ ᠵᠢᠷᠤᠮᠯᠠᠯ ᠪᠣᠯᠭᠠᠨ᠂ ᠵᠢᠷᠭᠤᠭᠠᠨ ᠶᠡᠭᠡ ᠰᠠᠬᠢᠯᠭ᠎ᠠ ᠪᠠᠲᠤ ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠲᠤᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠷᠡᠰ ᠴᠢᠩᠭ᠎ᠠ ᠨᠠᠮᠴᠢ ᠴᠢᠨᠠᠷ ᠢᠶᠠᠷ ᠰᠠᠬᠢᠯᠭ᠎ᠠ ᠪᠠᠲᠤ ᠶᠢ ᠴᠢᠩᠳᠠᠯᠠᠵᠤ᠂ ᠨᠠᠮ ᠤᠨ ᠰᠠᠬᠢᠯᠭ᠎ᠠ ᠨᠠᠮ ᠤᠨ ᠲᠣᠭᠲᠠᠭᠠᠯ ᠢ ᠬᠥᠩᠭᠡᠪᠴᠢᠯᠡᠬᠦ ᠠᠴᠠ ᠰᠡᠷᠭᠡᠶᠢᠯᠡᠬᠦ ᠬᠡᠷᠡᠭᠲᠡᠢ᠃ ᠲᠤᠤᠱᠲᠠᠢ ᠬᠡᠷᠡᠭᠵᠢᠭᠦᠯᠬᠦ ᠶᠢ ᠪᠠᠷᠢᠮᠲᠠᠯᠠᠵᠤ᠂ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠰᠠᠶᠢᠲᠤᠷ ᠡᠭᠦᠷᠭᠡᠯᠡᠵᠦ᠂ ᠴᠢᠩᠭ᠎ᠠ ᠪᠠᠶᠢᠬᠤ ᠭᠤᠣᠯ ᠬᠦᠭ ᠠᠶᠠᠰ ᠢ ᠢᠮᠠᠭᠲᠠ ᠪᠠᠷᠢᠮᠲᠠᠯᠠᠨ᠂ ᠡᠳᠦᠷ ᠲᠤᠳᠤᠮ ᠤᠨ ᠠᠵᠢᠯ ᠳᠠᠭᠠᠨ ᠪᠠᠶᠢᠩᠭᠤ ᠬᠠᠷᠢᠭᠤᠴᠠᠯᠭ᠎ᠠ ᠲᠠᠢ ᠪᠠᠶᠢᠬᠤ᠂ ᠰᠠᠬᠢᠯᠭ᠎ᠠ ᠪᠠᠲᠤ ᠶᠢ ᠬᠠᠤᠯᠢ ᠴᠠᠭᠠᠵᠠ ᠠᠴᠠ ᠴᠢᠩᠭ᠎ᠠ ᠪᠠᠶᠢᠯᠭᠠᠬᠤ᠂ ᠰᠠᠬᠢᠯᠭ᠎ᠠ ᠪᠠᠲᠤ ᠶᠢ ᠬᠠᠤᠯᠢ ᠴᠠᠭᠠᠵᠠ ᠠᠴᠠ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ︽ᠭᠤᠷᠪᠠ ᠶᠢ ᠢᠯᠭᠠᠬᠤ︾ ᠶᠢ ᠭᠦᠨᠵᠡᠭᠡᠢ ᠨᠠᠶᠢᠳᠠᠪᠤᠷᠢᠵᠢᠭᠤᠯᠤᠨ᠂ ᠺᠠᠳ᠋ᠷᠴᠤᠳ ᠤᠨ ᠨᠡᠩ ᠰᠠᠶᠢᠨ ᠭᠠᠪᠢᠶ᠎ᠠ ᠪᠠᠶᠢᠭᠤᠯᠵᠤ ᠦᠢᠯᠡᠰ ᠪᠦᠲᠦᠭᠡᠬᠦ ᠶᠢ ᠬᠥᠲᠥᠯᠥᠨ ᠵᠢᠯᠣᠭᠤᠳᠴᠤ᠂ ᠰᠤᠷᠤᠯᠴᠠᠬᠤ ᠬᠡᠷᠡᠭᠯᠡᠬᠦ ᠶᠢ ᠤᠶᠠᠯᠳᠤᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠥᠳᠡᠯᠭᠡᠬᠦ ᠬᠦᠴᠦᠨ ᠪᠣᠯᠣᠨ ᠠᠮᠢᠵᠢᠷᠠᠯ ᠤᠨ ᠬᠦᠴᠦᠨ ᠢ ᠡᠯᠢᠭᠡᠨ ᠬᠠᠶᠢᠷᠠᠲᠤ ᠤᠳᠤᠭ ᠢᠶᠠᠨ ᠪᠦᠲᠦᠭᠡᠨ ᠪᠠᠶᠢᠭᠤᠯᠬᠤ ᠪᠣᠳᠠᠲᠤ ᠪᠦᠲᠦᠮᠵᠢ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ 
ᠢᠷᠡᠯᠲᠡ᠄ ᠣᠲᠤᠭ ᠨᠡᠶᠢᠲᠡᠯᠡᠯ