ᠮᠧᠩ ᠰᠢ ᠨᠡᠶᠢᠭᠡᠮ ᠲᠣᠭᠤᠷᠢᠭ ︽ᠬᠠᠮᠲᠤ ᠪᠠᠷ ᠨᠣᠮ ᠤᠩᠰᠢᠵᠤ  ᠣᠯᠣᠯᠲᠠ ᠲᠦᠷᠦᠭᠳᠡᠯ ᠢᠶᠠᠨ ᠬᠤᠪᠢᠶᠠᠯᠴᠠᠬᠤ︾ 4.23 ᠤ ᠨᠣᠮ ᠤᠩᠰᠢᠬᠤ ᠡᠳᠦᠷ ᠤᠨ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/4/24
      ︽ᠬᠠᠪᠤᠷ ᠤᠨ ᠤᠷᠢᠨ ᠳᠤᠯᠠᠭᠠᠨ ᠳᠤ ᠬᠠᠮᠲᠤ ᠪᠠᠷ ᠢᠶᠠᠨ ᠨᠣᠮ ᠤᠩᠰᠢᠬᠤ ᠰᠠᠶᠢᠬᠠᠨ︾᠃ 29 ᠳ᠋ᠦ᠋ᠭᠡᠷ ᠳᠡᠯᠡᠬᠡᠢ ᠶᠢᠨ ᠨᠣᠮ ᠤᠩᠰᠢᠬᠤ ᠡᠳᠦᠷ ᠬᠦᠷᠴᠦ ᠢᠷᠡᠬᠦ ᠲᠠᠰᠢᠷᠠᠮ ᠳᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠣᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ︽ᠨᠣᠮ ᠤᠩᠰᠢᠬᠤ ᠳᠤᠷᠠᠲᠠᠢ᠂ ᠰᠠᠶᠢᠨ ᠨᠣᠮ ᠤᠩᠰᠢᠬᠤ ᠳᠤᠷᠠᠲᠠᠢ᠂ ᠨᠣᠮ ᠤᠩᠰᠢᠬᠤ ᠳᠠᠭᠠᠨ ᠴᠢᠳᠠᠮᠠᠭᠠᠢ︾ ᠪᠠᠶᠢᠬᠤ ᠰᠠᠨᠠᠭᠠᠴᠢᠯᠠᠭ᠎ᠠ ᠶᠢ ᠳᠠᠭᠠᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ᠂ ᠨᠣᠮ ᠤᠨ ᠨᠥᠬᠦᠷᠯᠡᠯᠲᠦ ᠨᠡᠶᠢᠭᠡᠮ ᠲᠣᠭᠤᠷᠢᠭ ᠤᠨ  ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 23 ᠤ ᠡᠳᠦᠷ᠂ ᠮᠸᠡᠭ ᠰᠢ ᠨᠡᠶᠢᠭᠡᠮ ᠲᠣᠭᠤᠷᠢᠭ ᠤᠨ ᠬᠢᠨ ᠮᠸᠡᠭ ᠰᠢ ᠰᠤᠷᠭᠠᠭᠤᠯᠢ ᠲᠠᠢ ᠬᠠᠮᠲᠤᠷᠠᠨ ︽ᠬᠠᠮᠲᠤ ᠪᠠᠷ ᠨᠣᠮ ᠤᠩᠰᠢᠵᠤ  ᠣᠯᠣᠯᠲᠠ ᠲᠦᠷᠦᠭᠳᠡᠯ ᠢᠶᠠᠨ ᠬᠤᠪᠢᠶᠠᠯᠴᠠᠬᠤ︾ 4.23 ᠤ ᠨᠣᠮ ᠤᠩᠰᠢᠬᠤ ᠡᠳᠦᠷ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ᠃ ᠣᠯᠣᠯᠲᠠ ᠲᠦᠷᠦᠭᠳᠡᠯ ᠢᠶᠠᠨ ᠬᠤᠪᠢᠶᠠᠯᠴᠠᠬᠤ᠂ ᠡᠴᠢᠭᠡ ᠡᠬᠡ ᠦᠷ᠎ᠡ ᠬᠡᠦᠬᠡᠳ ᠬᠠᠮᠲᠤ ᠪᠠᠷ ᠨᠣᠮ ᠤᠩᠰᠢᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠪᠦᠬᠦ ᠠᠷᠠᠳ ᠢᠶᠠᠷ ᠢᠶᠠᠨ ᠨᠣᠮ ᠤᠩᠰᠢᠬᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠨᠡᠩ ᠭᠦᠨ ᠬᠠᠳᠠᠩᠰᠢᠭᠤᠯᠵᠤ᠂ ᠨᠡᠩ ᠤᠯᠠᠨ ᠬᠥᠮᠥᠰ ᠢ ᠨᠣᠮ ᠤᠩᠰᠢᠬᠤ ᠳᠤᠷ᠎ᠠ ᠪᠠᠬ᠎ᠠ ᠲᠠᠢ ᠪᠣᠯᠭᠠᠪᠠ᠃      ᠪᠢᠴᠢᠬᠠᠨ ᠤᠩᠰᠢᠭᠴᠢᠳ ᠤᠨ ᠦᠯᠢᠭᠡᠷ ᠢᠶᠠᠨ ᠬᠤᠪᠢᠶᠠᠯᠴᠠᠬᠤ ᠶᠠᠪᠤᠴᠠ ᠳᠤᠮᠳᠠ ᠠᠵᠢᠯᠯᠠᠭ᠎ᠠ ᠡᠬᠢᠯᠡᠵᠦ᠂ ᠰᠤᠷᠤᠭᠴᠢᠳ ᠲᠠᠶᠢᠰᠠᠨ ᠤ ᠡᠮᠦᠨ᠎ᠡ ᠭᠠᠷᠤᠨ᠂ ᠥᠪᠡᠷᠮᠢᠴᠡ ᠣᠨᠴᠠᠯᠢᠭ ᠲᠠᠢ ᠦᠯᠢᠭᠡᠷ ᠪᠠ ᠲᠥᠷᠥᠭᠳᠡᠯ ᠢᠶᠠᠨ ᠶᠠᠷᠢᠵᠠᠭᠠᠵᠤ᠂ ᠨᠣᠮ ᠤᠩᠰᠢᠬᠤ ᠶᠠᠪᠤᠴᠠ ᠳᠠᠬᠢ ᠪᠠᠶᠠᠷ ᠪᠠᠶᠠᠰᠤᠯ ᠢᠶᠠᠨ ᠣᠯᠠᠨ ᠲᠠᠢ ᠬᠤᠪᠢᠶᠠᠯᠴᠠᠪᠠ᠃ ᠲᠡᠳᠡ ᠦᠯᠢᠭᠡᠷ ᠳᠣᠲᠣᠷᠠᠬᠢ ᠰᠡᠳᠬᠢᠯ ᠳᠣᠭᠳᠣᠯᠤᠭᠤᠯᠤᠮ᠎ᠠ ᠦᠢᠯᠡ ᠶᠠᠪᠤᠳᠠᠯ ᠢ ᠤᠷᠮᠠᠲᠠᠢ ᠶᠠᠷᠢᠵᠤ᠂ ᠵᠢᠷᠦᠬᠡ ᠰᠢᠮᠰᠢᠷᠡᠭᠦᠯᠦᠮ᠎ᠡ ᠭᠤᠨᠢᠭᠲᠤ ᠮᠥᠴᠡ ᠶᠢ ᠳᠣᠭᠳᠤᠯᠤᠩᠬᠠᠨ ᠦᠭᠦᠯᠡᠨ᠎ᠡ᠃      ᠡᠴᠢᠭᠡ ᠡᠬᠡ ᠪᠣᠯᠣᠨ ᠬᠡᠦᠬᠡᠳ ᠬᠠᠮᠲᠤ ᠪᠠᠷ ᠨᠣᠮ ᠤᠩᠰᠢᠬᠤ ᠪᠣᠯ ᠭᠡᠷ ᠪᠦᠯᠢ ᠶᠢᠨ ᠬᠥᠮᠦᠵᠢᠯ ᠤᠨ ᠴᠢᠬᠤᠯᠠ ᠠᠷᠭ᠎ᠠ ᠬᠡᠯᠪᠡᠷᠢ ᠮᠥᠨ᠂ ᠪᠠᠰᠠ ᠴᠤ ᠡᠴᠢᠭᠡ ᠡᠬᠡ ᠪᠣᠯᠣᠨ ᠬᠡᠦᠬᠡᠳ ᠤᠨ ᠬᠠᠷᠢᠯᠴᠠᠨ ᠣᠶᠢᠯᠠᠭᠠᠯᠴᠠᠬᠤ ᠪᠦᠲᠦᠮᠵᠢᠲᠡᠶ ᠠᠷᠭ᠎ᠠ ᠵᠠᠮ ᠮᠥᠨ᠃ ᠠᠵᠢᠯᠯᠠᠭ᠎ᠠ ᠳᠤᠮᠳᠠ ᠡᠴᠢᠭᠡ ᠡᠬᠡ ᠨᠢ ᠬᠡᠦᠬᠡᠳ ᠲᠠᠢ ᠪᠠᠨ ᠬᠠᠮᠲᠤ ᠪᠠᠷ ᠨᠢᠭᠡ ᠨᠣᠮ ᠢ ᠤᠩᠰᠢᠵᠤ᠂ ᠬᠠᠮᠲᠤ ᠪᠠᠷ ᠰᠤᠷᠤᠯᠴᠠᠨ᠂ ᠨᠣᠮ ᠤᠩᠰᠢᠭᠰᠠᠨ ᠪᠠᠶᠠᠷ ᠪᠠᠶᠠᠰᠤᠯ ᠢᠶᠠᠨ ᠬᠠᠮᠲᠤ ᠳᠠᠭᠠᠨ ᠬᠤᠪᠢᠶᠠᠯᠴᠠᠪᠠ᠂ ᠬᠤᠶᠢᠰᠢᠳᠠ ᠢᠯᠡᠭᠦᠬᠡᠨ ᠴᠠᠭ ᠭᠠᠷᠭᠠᠵᠤ᠂ ᠬᠡᠦᠬᠡᠳ ᠲᠠᠢ ᠪᠠᠨ ᠴᠤᠭ ᠨᠣᠮ ᠤᠩᠰᠢᠨ᠂ ᠨᠣᠮ ᠤᠩᠰᠢᠬᠤ ᠶᠢ ᠪᠠᠶᠠᠷ ᠬᠥᠷ ᠲᠠᠢ ᠶᠠᠪᠤᠳᠠᠯ ᠪᠣᠯᠭᠠᠨ᠎ᠠ ᠭᠡᠵᠦ ᠭᠡᠷ ᠤᠨ ᠠᠬᠮᠭᠳ ᠤᠳ ᠶᠠᠷᠢᠵᠠᠭᠠᠵᠤ ᠪᠠᠶᠢᠯ᠎ᠠ᠃      ᠡᠨᠡ ᠤᠳᠠᠭᠠᠨ ᠤ ᠳᠡᠯᠡᠬᠡᠢ ᠶᠢᠨ ᠨᠣᠮ ᠤᠩᠰᠢᠬᠤ ᠡᠳᠦᠷ ᠤᠨ ᠠᠵᠢᠯᠯᠠᠭ᠎ᠠ ᠨᠢ ᠨᠡᠩ ᠣᠯᠠᠨ ᠬᠦᠮᠦᠰ ᠲᠤ ᠨᠣᠮ ᠤᠩᠰᠢᠬᠤ ᠶᠢᠨ ᠭᠤᠸ᠎ᠠ ᠰᠠᠶᠢᠬᠠᠨ ᠢ ᠮᠡᠳᠡᠷᠡᠭᠦᠯᠦᠭᠰᠡᠨ ᠢᠶᠠᠷ ᠪᠠᠷᠠᠬᠤ ᠦᠭᠡᠢ᠂ ᠰᠤᠷᠤᠯᠴᠠᠬᠤ ᠨᠢ ᠬᠢᠵᠠᠭᠠᠷ ᠦᠭᠡᠢ ᠪᠣᠯᠣᠯᠴᠠᠭ᠎ᠠ ᠲᠠᠢ ᠭᠡᠰᠡᠨ ᠢ ᠮᠡᠳᠡᠭᠦᠯᠵᠡᠢ᠃ ᠲᠠᠷᠠᠭᠠᠴᠢ ᠶᠢᠨ ᠠᠯᠬᠤᠮ ᠳᠤ᠂ ᠮᠸᠡᠭ ᠰᠢ ᠨᠡᠶᠢᠭᠡᠮ ᠲᠣᠭᠤᠷᠢᠭ ᠤᠨ ᠬᠢᠨ ᠰᠣᠶᠣᠯ ᠢ ᠤᠯᠠᠮᠵᠢᠯᠠᠬᠤ ᠦᠢᠯᠡᠳᠦᠯ ᠢᠶᠠᠨ ᠦᠷᠭᠦᠯᠵᠢᠯᠡᠨ ᠪᠠᠳᠠᠷᠠᠭᠤᠯᠵᠤ᠂ ᠨᠡᠩ ᠣᠯᠠᠨ ᠪᠠᠶᠠᠯᠢᠭ ᠠᠭᠤᠯᠭ᠎ᠠ ᠲᠠᠢ ᠪᠥᠬᠦ ᠠᠷᠠᠳ ᠤᠨ ᠨᠣᠮ ᠤᠩᠰᠢᠬᠤ ᠭᠤᠣᠯ ᠰᠡᠳᠦᠪᠲᠦ ᠠᠵᠢᠯᠯᠠᠭ᠎ᠠ ᠶᠢ ᠥᠷᠨᠢᠭᠦᠯᠦᠨ᠂ ᠥᠷᠭᠡᠨ ᠣᠯᠠᠨ ᠤᠩᠰᠢᠭᠴᠢᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠪᠥᠬᠦ ᠠᠷᠠᠳ ᠢᠶᠠᠷ ᠢᠶᠠᠨ ᠨᠣᠮ ᠤᠩᠰᠢᠬᠤ ᠶᠢ ᠢᠳᠡᠪᠬᠢᠲᠡᠢ ᠰᠠᠨᠠᠭᠠᠴᠢᠯᠠᠨ᠂ ᠨᠣᠮ ᠤᠨ ᠨᠥᠬᠦᠷᠯᠡᠯᠲᠦ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠵᠤ᠂ ᠨᠣᠮ ᠤᠩᠰᠢᠯᠭ᠎ᠠ ᠶᠢ ᠬᠤᠪᠢ ᠬᠥᠮᠥᠨ ᠪᠠ ᠨᠡᠶᠢᠭᠡᠮ ᠢ ᠭᠡᠷᠡᠯᠲᠦᠭᠦᠯᠬᠦ ᠳ᠋ᠧᠩ ᠪᠣᠯᠭᠠᠨ᠎ᠠ᠃ 
ᠢᠷᠡᠯᠲᠡ᠄ ᠮᠧᠩ ᠰᠢ ᠪᠠᠯᠭᠠᠰᠤ