ᠴᠢ ᠫᠠᠨ ᠵᠢᠩ ᠪᠠᠯᠭᠠᠰᠤᠨ ᠤ ᠦᠵᠦᠭᠦᠷ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡᠨ ᠳᠤ ︽ᠰᠠᠶᠢᠨ ᠨᠣᠮ ᠢ ᠤᠩᠰᠢᠵᠤ  ᠨᠣᠮ ᠤᠨ  ᠨᠥᠬᠦᠷᠯᠡᠯᠲᠦ ᠨᠡᠶᠢᠭᠡᠮ ᠲᠣᠭᠤᠷᠢᠭ ᠢ ᠪᠠᠶᠢᠭᠤᠯᠬᠤ︾ ᠳᠡᠯᠡᠬᠡᠢ ᠶᠢᠨ ᠨᠣᠮ ᠤᠩᠰᠢᠬᠤ ᠡᠳᠦᠷ · ᠪᠦᠬᠦ ᠠᠷᠠᠳ ᠤᠨ ᠨᠣᠮ ᠤᠩᠰᠢᠬᠤ ᠠᠵᠢᠯᠯᠠᠭ᠎ᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/4/24
      ᠲᠦᠷᠭᠡᠨ ᠠᠶᠢᠵᠠᠮ ᠲᠠᠢ ᠣᠳᠣ ᠶᠢᠨ ᠠᠮᠢᠳᠤᠷᠠᠯ ᠳᠤ᠂ ᠨᠣᠮ ᠪᠢᠴᠢᠭ ᠪᠣᠯ ᠬᠥᠮᠥᠨ ᠲᠥᠷᠥᠯᠬᠢᠲᠡᠨ ᠤ ᠣᠶᠤᠨ ᠰᠠᠨᠠᠭᠠᠨ ᠤ ᠶᠢᠷᠲᠢᠨᠴᠦ ᠶᠢᠨ ᠦᠨᠡᠲᠦ ᠡᠷᠳᠡᠨᠢ ᠶᠤᠮ᠃ ᠰᠠᠭᠤᠭᠠᠯᠢ ᠠᠷᠠᠳ ᠤᠨ ᠨᠣᠮ ᠤᠩᠰᠢᠬᠤ ᠤᠷᠮ᠎ᠠ ᠵᠣᠷᠢᠭ ᠢ ᠬᠥᠭᠵᠢᠭᠡᠵᠦ᠂ ᠰᠣᠶᠣᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠦᠨ᠂ ᠨᠣᠮ ᠤᠨ ᠪᠠᠭ᠋ᠠᠲᠠᠳ ᠤᠨ ᠬᠤᠭᠤᠷᠣᠨᠳᠣᠬᠢ ᠬᠠᠷᠢᠯᠴᠠᠭ᠎ᠠ ᠶᠢ ᠰᠠᠶᠢᠵᠢᠷᠠᠭᠤᠯᠬᠤ ᠶᠢᠨ ᠲᠥᠯᠥᠭᠡ᠂ ᠦᠵᠦᠭᠦᠷ ᠨᠡᠶᠢᠭᠡᠮ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠠᠴᠠ ︽ᠰᠠᠶᠢᠨ ᠨᠣᠮ ᠢ ᠤᠩᠰᠢᠵᠤ  ᠨᠣᠮ ᠤᠨ ᠨᠥᠬᠦᠷᠯᠡᠯᠲᠦ ᠨᠡᠶᠢᠭᠡᠮ ᠲᠣᠭᠤᠷᠢᠭ ᠢ ᠪᠠᠶᠢᠭᠤᠯᠬᠤ︾ ᠨᠣᠮ ᠤᠩᠰᠢᠭᠰᠠᠨ ᠣᠯᠣᠯᠲᠠ ᠲᠦᠷᠦᠭᠳᠡᠯ ᠢᠶᠠᠨ ᠬᠤᠪᠢᠶᠠᠯᠴᠠᠬᠤ ᠬᠤᠷᠠᠯ ᠢ ᠡᠷᠬᠢᠯᠡᠨ ᠬᠢᠪᠡ᠃      4 ᠳ᠋ᠦ᠋ᠭᠡᠷ ᠰᠠᠷ᠎ᠠ ᠶᠢᠨ 23 ᠤ ᠡᠳᠦᠷ᠂ ᠨᠣᠮ ᠤᠨ ᠪᠠᠭ᠋ᠠᠲᠠᠳ ᠴᠢ ᠫᠠᠨ ᠵᠢᠩ ᠤᠨ ᠠᠮᠢ ᠠᠬᠤᠢ ᠶᠢᠨ ᠬᠦᠷᠢᠶᠡᠯᠡᠩ ᠳᠤ ᠪᠣᠯᠵᠣᠵᠤ᠂ ᠣᠯᠠᠨ ᠢᠶᠠᠷ ᠢᠶᠠᠨ ᠴᠡᠴᠡᠷᠯᠢᠭ ᠤᠨ ᠣᠷᠳᠣ ᠰᠠᠨᠳᠠᠯᠢ ᠳᠡᠭᠡᠷ᠎ᠡ ᠰᠠᠭᠤᠭᠠᠳ ᠨᠣᠮ ᠦᠵᠡᠨ᠂ ᠥᠪᠡᠷ ᠤᠨ ᠳᠤᠷᠠᠲᠠᠢ ᠨᠣᠮ ᠪᠣᠯᠣᠨ ᠠᠭᠤᠯᠭ᠎ᠠ ᠪᠠᠨ ᠬᠤᠪᠢᠶᠠᠯᠴᠠᠪᠠ᠃ ᠨᠣᠮ ᠤᠩᠰᠢᠭᠰᠠᠨ ᠣᠯᠣᠯᠲᠠ ᠲᠦᠷᠦᠭᠳᠡᠯ ᠢᠶᠠᠨ ᠬᠤᠪᠢᠶᠠᠯᠴᠠᠵᠤ ᠳᠠᠭᠤᠰᠤᠭᠰᠠᠨ ᠤ ᠳᠠᠷᠠᠭ᠎ᠠ᠂ ᠲᠡᠳᠡ ᠡᠬᠡ ᠪᠠᠶᠢᠭᠠᠯᠢ ᠶᠢᠨ ᠨᠠᠨᠳᠢᠨ ᠪᠡᠯᠡᠭ ᠢᠶᠠᠷ ᠨᠠᠷᠢᠯᠢᠭ ᠰᠠᠶᠢᠬᠠᠨ ᠨᠣᠮ ᠤᠨ ᠱᠣᠰᠢᠭ᠎ᠠ ᠵᠣᠬᠢᠶᠠᠪᠠ᠃      ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠰᠠᠭᠤᠭᠠᠯᠢ ᠠᠷᠠᠳ ᠤᠨ ᠨᠣᠮ ᠤᠩᠰᠢᠬᠤ ᠤᠷᠮ᠎ᠠ ᠵᠣᠷᠢᠭ ᠢ ᠬᠥᠭᠵᠢᠭᠡᠵᠦ᠂ ᠬᠥᠷ ᠬᠥᠭᠵᠢᠶᠡᠨ ᠲᠠᠢ ᠨᠣᠮ ᠤᠩᠰᠢᠬᠤ ᠠᠭᠤᠷ ᠠᠮᠢᠰᠬᠤᠯ ᠢ ᠪᠤᠶ  ᠪᠣᠯᠭᠠᠨ᠂ ᠣᠯᠠᠨ ᠢ ᠳᠠᠭᠠᠭᠤᠯᠤᠨ ᠨᠣᠮ ᠤᠨ ᠶᠢᠷᠲᠢᠨᠴᠦ ᠳᠤ ᠤᠮᠪᠠᠭᠤᠯᠵᠤ᠂ ᠨᠣᠮ ᠤᠩᠰᠢᠬᠤ ᠶᠢᠨ ᠪᠠᠶᠠᠷ ᠪᠠᠶᠠᠰᠤᠯ ᠢ ᠡᠳ᠋ᠯᠡᠭᠦᠯᠦᠨ᠂ ᠨᠣᠮ ᠤᠩᠰᠢᠬᠤ ᠶᠢ ᠣᠯᠠᠨ ᠤ ᠠᠮᠢᠳᠤᠷᠠᠯ ᠳᠠᠬᠢ ᠴᠢᠬᠤᠯᠠ ᠶᠠᠪᠤᠳᠠᠯ  ᠪᠣᠯᠭᠠᠪᠠ᠃      ᠳᠠᠷᠠᠭᠠᠴᠢ ᠶᠢᠨ ᠠᠯᠬᠤᠮ ᠳᠤ᠂ ᠦᠵᠦᠭᠦᠷ ᠨᠡᠶᠢᠭᠡᠮ ᠲᠣᠭᠤᠷᠢᠭ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ ᠵᠡᠷᠭᠡ ᠪᠠᠬᠢᠯᠡᠯᠲᠡ ᠶᠢᠨ ᠭᠠᠵᠠᠷ ᠢ ᠭᠦᠢᠴᠡᠳ ᠠᠰᠢᠭᠯᠠᠨ ᠪᠠᠶᠠᠯᠢᠭ ᠰᠠᠶᠢᠬᠠᠨ ᠠᠭᠤᠯᠭ᠎ᠠ ᠲᠠᠢ ᠰᠣᠶᠣᠯ ᠤᠨ ᠠᠵᠢᠯᠯᠠᠭ᠎ᠠ ᠥᠷᠨᠢᠭᠦᠯᠵᠦ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠤᠶᠤᠨ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠨ᠂ ᠰᠠᠶᠢᠨ ᠰᠠᠶᠢᠬᠠᠨ ᠰᠣᠶᠣᠯ ᠤᠨ ᠣᠷᠴᠢᠨ ᠠᠬᠤᠢ ᠶᠢ ᠪᠣᠢ ᠪᠣᠯᠭᠠᠨ᠎ᠠ᠃ 
ᠢᠷᠡᠯᠲᠡ᠄ ᠴᠢ ᠫᠠᠨ ᠵᠢᠩ ᠪᠠᠯᠭᠠᠰᠤ