ᠰᠤ᠋ ᡁᠢ ᠰᠢᠶᠦ᠋ᠡᠭ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠣᠯᠳᠠᠯᠭ᠎ᠠ ᠲᠠᠢ ᠲᠥᠷᠥᠯ ᠵᠦᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/4/26
      4 ᠳ᠋ᠦ᠋ᠭᠡᠷ ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠰᠤ᠋ ᡁᠢ ᠰᠢᠶᠦ᠋ᠡᠭ ᠤᠯᠠᠭᠠᠨᠪᠠᠯᠭᠠᠰᠤᠨ ᠳᠤ ᠬᠤᠲᠠ ᠶᠢᠨ  ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠭᠤᠣᠯᠳᠠᠯᠭ᠎ᠠ ᠲᠠᠢ ᠳᠣᠶᠢᠷᠣᠯ ᠵᠦᠢᠯ ᠢ ᠪᠠᠶᠢᠴᠠᠭᠠᠨ ᠰᠤᠳᠤᠯᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠠᠬᠢ ᠬᠦᠴᠢᠷ ᠲᠦᠪᠡᠭᠲᠡᠢ ᠠᠰᠠᠭᠤᠳᠠᠯ ᠢ ᠲᠤᠬᠠᠢ ᠶᠢᠨ ᠲᠠᠯᠠᠪᠠᠢ ᠳᠤᠨᠢ ᠰᠢᠢᠳᠪᠦᠷᠢᠯᠡᠪᠡ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠯᠢ ᡁᠢ ᠪᠢᠶᠣᠣ᠂ ᠬᠤᠰᠢᠭᠤ ᠳᠡᠳ᠋ ᠳᠠᠷᠤᠭ᠎ᠠ ᠨᠠᠰᠤᠨᠳᠡᠯᠭᠡᠷ ᠣᠷᠣᠯᠴᠠᠪᠠ᠃      ᠰᠤ᠋ ᡁᠢ ᠰᠢᠶᠦ᠋ᠡᠭ ᠫᠢᠩ ᠠᠨ ᠵᠠᠮ ᠤᠨ ᠪᠠᠷᠠᠭᠤᠨᠲᠠᠬᠢ ᠵᠠᠮ ᠱᠤᠭᠤᠮ᠂ ᠲᠦᠷᠭᠡᠨ ᠨᠡᠪᠲᠡᠷᠡᠬᠦ ᠵᠠᠮ᠂ ᠰᠢᠶᠠᠩ ᠾᠧ ᠶᠤᠸᠠᠨ ᠰᠠᠭᠤᠭᠠᠯᠢ ᠲᠣᠭᠤᠷᠢᠭ ᠤᠨ ᠡᠮᠦᠨ᠎ᠡ ᠲᠣᠨᠣᠯᠵᠢᠨ ᠵᠠᠮ ᠤᠨ ᠠᠭᠤᠯᠵᠠᠷ᠂ ᠵᠧᠩ ᠾᠧ ᠶᠤᠸᠠᠨ ᠰᠠᠭᠤᠭᠠᠯᠢ ᠲᠣᠭᠤᠷᠢᠭ ᠵᠡᠷᠭᠡ ᠭᠠᠵᠠᠷ ᠲᠤ ᠬᠦᠷᠴᠦ᠂ ᠬᠤᠲᠠ ᠶᠢᠨ ᠶᠠᠪᠤᠳᠠᠯ ᠤᠨ ᠵᠠᠮ ᠢ ᠲᠡᠭᠦᠯᠳᠡᠷᠵᠢᠭᠦᠯᠬᠦ᠂ ᠨᠣᠭᠤᠭᠠᠷᠠᠭᠤᠯᠤᠯᠲᠠ ᠶᠢᠨ ᠪᠦᠰᠡ ᠶᠢ ᠥᠭᠡᠷᠡᠴᠢᠯᠡᠬᠦ᠂ ᠵᠠᠮ ᠤᠨ ᠳ᠋ᠧᠩ ᠢ ᠡᠨᠧᠷᠭᠢ ᠠᠷᠪᠢᠯᠠᠬᠤ ᠪᠣᠯᠭᠠᠵᠤ ᠥᠭᠡᠷᠡᠴᠢᠯᠡᠬᠦ᠂ ᠤᠰᠤᠲᠤᠯ ᠢ ᠵᠠᠰᠠᠬᠤ ᠵᠡᠷᠭᠡ ᠢᠨᠵᠧᠨᠧᠷᠢᠩ ᠤᠨ ᠲᠦᠷᠦᠯ ᠵᠦᠢᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠪᠣᠯ ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠬᠦ᠂ ᠬᠤᠳᠠ ᠶᠢᠨ ᠰᠢᠨᠡᠴᠢᠯᠡᠯᠲᠡ ᠶᠢ ᠠᠬᠢᠭᠤᠯᠬᠤ ᠬᠦᠴᠦᠲᠡᠢ ᠭᠠᠷᠳᠠᠴᠠ ᠪᠣᠯᠣᠨ᠎ᠠ᠂ ᠡᠯ᠎ᠡ ᠰᠠᠯᠠᠭ᠎ᠠ ᠮᠥᠴᠢᠷ ᠤᠨ ᠬᠢᠨ ︽ᠠᠷᠠᠳ ᠤᠨ ᠬᠤᠳᠠ ᠶᠢ ᠠᠷᠠᠳ ᠲᠦᠮᠡᠨ ᠪᠠᠶᠢᠭᠤᠯᠬᠤ᠂ ᠠᠷᠠᠳ ᠤᠨ ᠬᠤᠳᠠ ᠠᠷᠠᠳ ᠲᠦᠮᠡᠨ ᠳᠤ ᠦᠢᠯᠡᠴᠢᠯᠡᠬᠦ︾ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠥᠨᠳᠥᠷ ᠲᠦᠪᠰᠢᠨ ᠢᠶᠠᠷ ᠲᠥᠯᠥᠪᠵᠢᠭᠦᠯᠦᠨ᠂ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠥᠨᠳᠥᠷ ᠪᠦᠲᠦᠮᠵᠢᠲᠡᠢ ᠬᠠᠮᠢᠶᠠᠷᠤᠨ᠂ ᠤᠯᠠᠨ ᠲᠦᠮᠡᠨ ᠳᠤ ᠬᠤᠳᠠ ᠶᠢᠨ ᠪᠦᠲᠦᠭᠡᠨ ᠪᠠᠶᠢᠭᠤᠯᠤᠯᠲᠠ ᠶᠢᠨ ᠠᠪᠴᠢᠷᠠᠭᠰᠠᠨ ᠰᠢᠨ᠎ᠡ ᠬᠤᠪᠢᠷᠠᠯᠲᠠ᠂ ᠪᠣᠳᠠᠲᠤ ᠠᠰᠢᠭ ᠢ ᠮᠡᠳᠡᠷᠡᠭᠦᠯᠬᠦ ᠬᠡᠷᠡᠭᠲᠡᠢ ᠭᠡᠪᠡ᠃      ᠰᠤ᠋ ᡁᠢ ᠰᠢᠶᠦ᠋ᠡᠭ ᠤᠯᠠᠭᠠᠨᠪᠠᠯᠭᠠᠰᠤᠨ ᠤ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ᠂ ᠠᠮᠢᠳᠤᠷᠠᠯ ᠤᠨ ᠬᠤᠭ ᠨᠣᠪᠰᠢ ᠪᠤᠯᠠᠬᠤ ᠲᠠᠯᠠᠪᠠᠢ ᠳᠤ ᠬᠦᠷᠴᠦ᠂ ᠦᠢᠯᠡᠳᠪᠦᠷᠢ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠬᠠᠮᠠᠭᠠᠯᠠᠯᠲᠠ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠴᠡᠭᠴᠡᠯᠡᠨ ᠰᠠᠶᠢᠵᠢᠷᠠᠭᠤᠯᠤᠯᠲᠠ ᠶᠢᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ  ᠱᠠᠭᠠᠷᠳᠠᠨ ᠪᠠᠶᠢᠴᠠᠭᠠᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠨᠢᠭᠡᠳᠦᠯᠲᠡᠢ ᠲᠥᠯᠥᠪᠵᠢᠭᠦᠯᠵᠦ᠂ ᠦᠩᠭᠡᠨ ᠲᠠᠯ᠎ᠠ ᠪᠠ ᠦᠨᠳᠦᠰᠦ ᠶᠢ ᠵᠡᠷᠭᠡᠪᠡᠷ ᠵᠠᠰᠠᠨ᠂ ᠥᠨᠳᠥᠷ ᠪᠠᠷᠢᠮᠵᠢᠶ᠎ᠠ᠂ ᠪᠣᠳᠠᠲᠤ ᠪᠦᠲᠦᠮᠵᠢᠲᠡᠢ ᠪᠠᠷ ᠴᠡᠭᠴᠡᠯᠡᠨ ᠰᠠᠶᠢᠵᠢᠷᠠᠭᠤᠯᠵᠤ᠂ ᠴᠢᠨᠠᠷ ᠰᠠᠶᠢᠲᠠᠢ ᠠᠮᠢ ᠠᠬᠤᠢ ᠣᠷᠴᠢᠨ ᠲᠣᠭᠤᠷᠢᠨ ᠢᠶᠠᠷ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠬᠡᠷᠡᠭᠲᠡᠢ ᠭᠡᠪᠡ᠃      ᠰᠤ᠋ ᡁᠢ ᠰᠢᠶᠦ᠋ᠡᠭ ᠤᠯᠠᠭᠠᠨᠪᠠᠯᠭᠠᠰᠤᠨ ᠤ ᠳᠤᠯᠠᠭᠠᠯᠠᠭ᠎ᠠ ᠬᠠᠩᠭᠠᠬᠤ ᠰᠢᠰᠲ᠋ᠧᠮ ᠵᠢᠴᠢ ᠶᠡᠷᠦᠩᠬᠡᠶᠢᠯᠡᠭᠰᠡᠨ ᠬᠤᠭᠤᠯᠠᠢ ᠶᠢᠨ ᠲᠣᠣᠷ ᠢ ᠥᠭᠡᠷᠡᠴᠢᠯᠡᠬᠦ ᠲᠥᠷᠥᠯ ᠵᠦᠢᠯ ᠤᠨ ᠲᠤᠬᠠᠢ ᠶᠢᠨ ᠲᠠᠯᠠᠪᠠᠶ ᠳᠤ ᠬᠦᠷᠴᠦ᠂ ︽ᠳᠤᠯᠠᠭᠠᠨ ᠢᠨᠵᠧᠨᠧᠷᠢᠩ︾ ᠨᠢ ᠲᠦᠭ ᠲᠦᠮᠡᠨ ᠠᠶᠢᠯ ᠡᠷᠦᠬᠡ ᠳᠤ ᠬᠤᠯᠪᠣᠭᠳᠠᠵᠤ᠂ ᠠᠷᠠᠳ ᠣᠯᠠᠨ ᠤ ᠬᠠᠮᠤᠭ ᠤᠨ ᠠᠮᠠᠷᠬᠠᠨ ᠣᠯᠵᠦ ᠮᠡᠳᠡᠷᠡᠬᠦ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠣᠨ᠎ᠠ᠃ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠨᠢᠭᠲᠠᠷᠠᠭᠤᠯᠤᠨ᠂ ᠪᠠᠷᠢᠯᠭ᠎ᠠ ᠶᠢᠨ ᠬᠤᠭᠤᠴᠠᠭ᠎ᠠ ᠶᠢ ᠲᠦᠷᠭᠡᠳᠬᠡᠵᠦ᠂ ᠵᠢᠷᠤᠭ ᠲᠥᠯᠥᠪᠯᠡᠭᠡ ᠵᠣᠬᠢᠶᠠᠨ᠂ ᠠᠷᠭ᠎ᠠ ᠪᠦᠬᠦᠨ ᠢ ᠰᠦᠪᠡᠭᠴᠢᠯᠡᠵᠦ᠂ ᠡᠷᠴᠢ ᠵᠣᠷᠢᠭ ᠢᠶᠠᠨ ᠬᠥᠪᠴᠢᠯᠡᠨ ᠠᠬᠢᠴᠠ ᠶᠢ ᠠᠬᠢᠭᠤᠯᠵᠤ᠂ ᠲᠦᠷᠦᠯ ᠵᠦᠢᠯ ᠢ ᠡᠷᠲᠡ ᠪᠠᠶᠢᠭᠤᠯᠤᠨ᠂ ᠤᠯᠠᠨ ᠲᠦᠮᠡᠨ ᠳᠤ ᠡᠷᠲᠡ ᠠᠰᠢᠭ ᠬᠦᠷᠲᠡᠭᠡᠬᠦ ᠶᠢ ᠪᠠᠲᠤᠯᠠᠬᠤ ᠬᠡᠷᠡᠭᠲᠡᠢ᠃ ᠨᠠᠷᠢᠨ ᠨᠢᠭᠲᠠ ᠪᠠᠶᠢᠬᠤ ᠶᠢ ᠪᠠᠷᠢᠮᠲᠠᠯᠠᠵᠤ᠂ ᠰᠣᠳᠣᠨ ᠪᠦᠲᠦᠭᠡᠯ ᠤᠨ ᠤᠬᠠᠮᠰᠠᠷ ᠢ ᠪᠠᠲᠤ ᠪᠦᠷᠢᠯᠳᠦᠭᠦᠯᠦᠨ᠂ ᠪᠠᠷᠢᠯᠭ᠎ᠠ ᠶᠢᠨ ᠶᠠᠰᠤ ᠴᠢᠨᠠᠷ ᠤᠨ ᠪᠣᠭᠤᠮᠲᠠ᠂ ᠠᠮᠤᠷ ᠲᠦᠪᠰᠢᠨ ᠤ ᠪᠣᠭᠤᠮᠲᠠ ᠶᠢ ᠴᠢᠩᠭ᠎ᠠ ᠠᠳᠬᠤᠵᠤ᠂ ᠲᠦᠷᠦᠯ ᠵᠦᠢᠯ ᠢ ᠰᠣᠳᠣᠨ ᠢᠨᠵᠧᠨᠧᠷᠢᠩ᠂ ᠰᠠᠨᠠᠭ᠎ᠠ ᠠᠮᠤᠷ ᠢᠨᠵᠧᠨᠧᠷᠢᠩ ᠪᠣᠯᠭᠠᠨ ᠪᠠᠶᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃ 
ᠢᠷᠡᠯᠲᠡ᠄ ᠣᠲᠤᠭ ᠨᠡᠶᠢᠲᠡᠯᠡᠯ