ᠮᠣᠩᠭᠤᠯᠴᠤᠳ ᠤᠨ ᠦᠬᠡᠷ ᠤᠨ ᠨᠡᠷᠡᠶᠢᠳᠦᠯ ᠤᠨ ᠲᠤᠬᠠᠢ
ᠨᠡᠶᠢᠲᠡᠯᠡᠭᠰᠡᠨ ᠴᠠᠭ᠄
2024/4/29
      ᠮᠣᠩᠭᠤᠯᠴᠤᠳ ᠦᠬᠡᠷ ᠢ ᠭᠠᠷᠰᠢᠭᠤᠯᠤᠨ ᠲᠡᠵᠢᠭᠡᠭᠰᠡᠨ ᠶᠠᠪᠤᠴᠠ ᠳᠤ ᠪᠠᠨ ᠠᠴᠢᠶ᠎ᠠ ᠲᠡᠭᠡᠭᠡᠪᠦᠷᠢ᠂ ᠠᠶᠠᠨ ᠵᠢᠩ ᠳᠤ ᠬᠥᠯᠪᠦᠷᠢ ᠪᠠᠷ ᠬᠡᠷᠡᠭᠯᠡᠬᠦ ᠶᠢᠨ ᠬᠠᠮᠲᠤ᠂ ᠮᠢᠬ᠎ᠠ᠂ ᠰᠦ ᠪᠠᠷ ᠨᠢ ᠢᠳᠡᠭᠡᠨ ᠤᠮᠳᠠᠭᠠᠨ ᠪᠣᠯᠭᠠᠵᠤ᠂ ᠠᠷᠠᠰᠤ ᠰᠢᠷᠢ᠂ ᠦᠰᠦ ᠤᠩᠭᠠᠰᠤ ᠶᠢ ᠨᠢ ᠡᠳᠦᠷ ᠳᠣᠳᠣᠮ ᠤᠨ ᠬᠡᠷᠡᠭᠯᠡᠭᠡᠨ ᠳᠤ ᠪᠠᠨ ᠠᠰᠢᠭᠯᠠᠭᠰᠠᠭᠠᠷ ᠢᠷᠡᠵᠡᠢ᠃ ᠦᠬᠡᠷ ᠢ ᠢᠯᠭᠠᠨ ᠨᠡᠷᠡᠯᠡᠬᠦ ᠳᠤ ᠪᠠᠨ ᠭᠤᠣᠯᠳᠠᠭᠤ ᠨᠠᠰᠤ ᠰᠢᠳᠦ᠂ ᠬᠦᠢᠰᠦ ᠴᠢᠨᠠᠷ᠂ ᠥᠩᠭᠡ ᠵᠢᠰᠦᠮ᠂ ᠲᠥᠷᠥᠴᠡ ᠪᠠᠶᠢᠳᠠᠯ᠂ ᠵᠠᠩ ᠠᠷᠠᠨᠰᠢᠨ᠂ ᠬᠥᠯᠦᠰᠢ ᠬᠡᠷᠡᠭᠯᠡᠭᠡᠨ ᠵᠡᠷᠭᠡ ᠶᠢ ᠦᠨᠳᠦᠰᠦᠯᠡᠬᠦ ᠵᠠᠩᠰᠢᠯ ᠲᠠᠢ᠃       ᠦᠬᠡᠷ ᠢ ᠨᠠᠰᠤ ᠰᠢᠳᠦ ᠪᠠᠷ ᠨᠢ ᠢᠯᠭᠠᠨ ᠨᠡᠷᠡᠯᠡᠬᠦ᠄ ᠦᠬᠡᠷ ᠤᠨ ᠨᠠᠰᠤ ᠰᠢᠳᠦ ᠪᠠᠷ ᠨᠢ ᠢᠯᠭᠠᠨ ᠲᠣᠭᠲᠠᠭᠠᠬᠤ ᠳᠤ ᠡᠭᠦᠳᠡᠨ ᠰᠢᠳᠦᠨ ᠤ ᠬᠢᠨᠢ ᠬᠠᠯᠪᠠᠭ᠎ᠠ ᠶᠢᠨ ᠲᠤᠭ᠎ᠠ ᠶᠢ ᠦᠨᠳᠦᠰᠦᠯᠡᠳᠡᠭ᠃ ᠨᠢᠭᠡ ᠨᠠᠰᠤᠨ ᠤ ᠬᠢ ᠶᠢ ᠲᠤᠭᠤᠯ᠂ ᠬᠤᠶᠠᠷ ᠨᠠᠰᠤᠨ ᠤ ᠬᠢ ᠶᠢ ᠪᠢᠷᠠᠭᠤ ᠭᠡᠨ᠎ᠡ᠃ ᠲᠤᠭᠤᠯ᠂ ᠪᠢᠷᠠᠭᠤ ᠪᠦᠷ ᠰᠦᠨ ᠰᠢᠳᠦ ᠲᠠᠢ ᠪᠠᠨ ᠪᠠᠶᠢᠳᠠᠭ᠃ ᠭᠤᠷᠪᠠᠨ ᠨᠠᠰᠤᠨ ᠳᠤ ᠪᠠᠨ ᠡᠭᠦᠳᠡᠨ ᠰᠢᠳᠦ ᠨᠢ ᠬᠤᠶᠠᠷ ᠬᠠᠯᠪᠠᠭ᠎ᠠ ᠲᠠᠢ ᠪᠣᠯᠬᠤ ᠳᠤ ᠰᠢᠳᠦᠯᠡᠩ ᠭᠡᠬᠦ᠂ ᠳᠥᠷᠪᠡᠨ ᠨᠠᠰᠤᠨ ᠳᠤ ᠪᠠᠨ ᠳᠥᠷᠪᠡᠨ ᠬᠠᠯᠪᠠᠭ᠎ᠠ ᠲᠠᠢ ᠪᠣᠯᠬᠤ ᠳᠤ ᠬᠢᠵᠠᠯᠠᠩ ᠭᠡᠬᠦ᠂ ᠲᠠᠪᠤᠨ ᠨᠠᠰᠤᠨ ᠳᠤ ᠪᠠᠨ ᠵᠢᠷᠭᠤᠭᠠᠨ ᠬᠠᠯᠪᠠᠭ᠎ᠠ ᠲᠠᠢ ᠪᠣᠯᠬᠤ ᠳᠤ ᠰᠣᠶᠣᠯᠠᠩ ᠭᠡᠬᠦ᠂ ᠵᠢᠷᠭᠤᠭᠠᠨ ᠨᠠᠰᠤᠨ ᠳᠤ ᠪᠠᠨ ᠨᠠᠶᠢᠮᠠᠨ ᠬᠠᠯᠪᠠᠭ᠎ᠠ ᠲᠠᠢ ᠪᠣᠯᠬᠤ ᠳᠤ ᠨᠠᠰᠤ ᠭᠦᠢᠴᠡᠭᠰᠡᠨ ᠪᠦᠳᠦᠭᠦᠨ ᠦᠬᠡᠷ ᠭᠡᠳᠡᠭ᠃
ᠢᠷᠡᠯᠲᠡ᠄ ᠪᠠᠶᠠᠨ ᠨᠠᠭᠤᠷ ᠤᠨ ᠡᠳᠦᠷ ᠤᠨ ᠰᠣᠨᠢᠨ