1—3 ᠳ᠋ᠤᠭᠠᠷ ᠰᠠᠷ᠎ᠠ ᠶᠢᠨ ᠭᠤᠣᠯ ᠪᠣᠯᠬᠤ ᠡᠨᠧᠷᠭᠢ ᠶᠢᠨ ᠦᠢᠯᠡᠳᠬᠦᠨ ᠢ ᠦᠢᠯᠡᠳᠪᠦᠷᠢᠯᠡᠭᠰᠡᠨ ᠪᠠᠶᠢᠳᠠᠯ | 1—3 ᠳ᠋ᠤᠭᠠᠷ ᠰᠠᠷ᠎ᠠ ᠳᠤ ᠣᠲᠤᠭ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠭᠤᠣᠯ ᠪᠣᠯᠬᠤ ᠡᠨᠧᠷᠭᠢ ᠶᠢᠨ | ᠦᠢᠯᠡᠳᠬᠦᠨ ᠨᠠᠷᠢᠯᠢᠭ ᠨᠡᠭᠦᠷᠡᠰᠦ᠂ ᠴᠠᠬᠢᠯᠭᠠᠨ ᠭᠠᠷᠭᠠᠬᠤ ᠬᠡᠮᠵᠢᠶ᠎ᠡ᠂ ᠲᠦᠭᠦᠬᠡᠢ ᠨᠡᠭᠦᠷᠡᠰᠦ᠂ ᠬᠡᠦᠷᠡᠰᠦ ᠶᠢᠨ ᠦᠢᠯᠡᠳᠪᠦᠷᠢᠯᠡᠯ ᠦᠨᠳᠦᠰᠦᠨ ᠳᠡᠭᠡᠨ ᠲᠣᠭᠲᠠᠭᠤᠨ | ᠪᠠᠶᠢᠵᠤ᠂ ᠨᠡᠮᠡᠭᠳᠡᠯ ᠤᠨ ᠬᠤᠷᠳᠤᠴᠠ ᠨᠢ ᠪᠠᠭᠤᠷᠠᠪᠠ᠃ | ᠨᠠᠷᠢᠯᠢᠭ ᠨᠡᠭᠦᠷᠡᠰᠦᠨ ᠤ ᠦᠢᠯᠡᠳᠪᠦᠷᠢᠯᠡᠯ ᠲᠣᠭᠲᠠᠭᠤᠨ ᠢᠶᠠᠷ ᠨᠡᠮᠡᠭᠳᠡᠪᠡ᠃ 1—3 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠠᠷᠢᠯᠢᠭ ᠨᠡᠭᠦᠷᠡᠰᠦᠨ ᠤ ᠭᠠᠷᠤᠯᠲᠠ 434.69 ᠲᠦᠮᠡᠨ ᠲᠣᠨ ᠳᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 1.54% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ 1-2 ᠳ᠋ᠤᠭᠠᠷ ᠰᠠᠷ᠎ᠠ ᠶᠢᠨ ᠬᠢ ᠠᠴᠠ ᠵᠠᠭᠤᠨ ᠤ 9.03 ᠬᠤᠪᠢ ᠪᠠᠭᠤᠷᠠᠪᠠ︔ | | ᠴᠠᠬᠢᠯᠭᠠᠨ ᠭᠠᠷᠭᠠᠬᠤ ᠬᠡᠮᠵᠢᠶ᠎ᠡ ᠶᠢᠨ ᠦᠢᠯᠡᠳᠪᠦᠷᠢᠯᠡᠯ ᠲᠣᠭᠲᠠᠭᠤᠨ ᠪᠠᠶᠢᠬᠤ ᠶᠢᠨ ᠵᠡᠷᠭᠡ ᠳᠤ ᠳᠡᠭᠡᠭᠰᠢᠯᠡᠵᠦ᠂ 1-3 ᠳ᠋ᠤᠭᠠᠷ ᠰᠠᠷ᠎ᠠ ᠳᠤ ᠪᠥᠬᠦ ᠬᠤᠰᠢᠭᠤᠨ ᠤ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠠᠬᠢᠯᠭᠠᠨ ᠭᠠᠷᠭᠠᠬᠤ ᠬᠡᠮᠵᠢᠶ᠎ᠡ 90.93 ᠳ᠋ᠦᠩᠰᠢᠭᠤᠷ ᠺᠢᠯᠣᠸᠠᠲ ᠴᠠᠭ ᠲᠤ | ᠬᠦᠷᠴᠦ᠂ ᠠᠳᠠᠯᠢ ᠬᠤᠭᠤᠴᠠᠭᠠᠨ ᠤ ᠬᠢ ᠠᠴᠠ 10.73% ᠪᠠᠷ ᠨᠡᠮᠡᠭᠳᠡᠪᠡ︔ ᠨᠡᠮᠡᠭᠳᠡᠯ ᠤᠨ ᠬᠤᠷᠳᠤᠴᠠ ᠨᠢ 1 ︱ 2 ᠳ᠋ᠤᠭᠠᠷ ᠰᠠᠷ᠎ᠠ ᠶᠢᠨ ᠬᠢ ᠠᠴᠠ | ᠵᠠᠭᠤᠨ ᠤ 5.83 ᠬᠤᠪᠢ ᠤᠳᠠᠭᠠᠰᠢᠷᠠᠪᠠ︔ | ᠨᠡᠭᠦᠷᠡᠰᠦᠨ ᠤ ᠦᠢᠯᠡᠳᠪᠦᠷᠢᠯᠡᠯ ᠨᠡᠮᠡᠭᠳᠡᠵᠦ ᠪᠠᠶᠢᠭᠰᠠᠨ ᠠᠴᠠ ᠪᠠᠨ ᠪᠠᠭᠤᠷᠠᠪᠠ᠃ 1-3 ᠳ᠋ᠤᠭᠠᠷ ᠰᠠᠷ᠎ᠠ ᠳᠤ ᠪᠥᠬᠦ ᠬᠤᠰᠢᠭᠤᠨ ᠤ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠭᠦᠷᠡᠰᠦᠨ ᠤ ᠭᠠᠷᠤᠯᠲᠠ 881.31 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ | ᠬᠢ ᠠᠴᠠ 8.13% ᠪᠠᠷ ᠪᠠᠭᠤᠷᠠᠪᠠ︔ ᠪᠠᠭᠤᠷᠠᠯᠲᠠ ᠶᠢᠨ ᠬᠡᠮᠵᠢᠶ᠎ᠡ ᠨᠢ 1-2 ᠳ᠋ᠤᠭᠠᠷ ᠰᠠᠷ᠎ᠠ ᠶᠢᠨ ᠬᠢ ᠠᠴᠠ ᠵᠠᠭᠤᠨ ᠤ 10.29 ᠬᠤᠪᠢ ᠲᠦᠷᠭᠡᠳᠪᠡ︔ | ᠬᠡᠦᠷᠡᠰᠦ ᠶᠢᠨ ᠦᠢᠯᠡᠳᠪᠦᠷᠢᠯᠡᠯ ᠦᠷᠭᠦᠯᠵᠢᠯᠡᠨ ᠪᠠᠭᠤᠷᠠᠵᠤ᠂ 1-3 ᠳ᠋ᠤᠭᠠᠷ ᠰᠠᠷ᠎ᠠ ᠳᠤ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠬᠡᠦᠷᠡᠰᠦ ᠶᠢᠨ ᠭᠠᠷᠤᠯᠲᠠ 186.16 ᠲᠦᠮᠡᠨ ᠲᠣᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 25. | 29% ᠪᠠᠷ ᠪᠠᠭᠤᠷᠠᠨ᠂ ᠪᠠᠭᠤᠷᠠᠯᠲᠠ ᠶᠢᠨ ᠬᠡᠮᠵᠢᠶ᠎ᠡ ᠨᠢ 1-2 ᠳ᠋ᠤᠭᠠᠷ ᠰᠠᠷ᠎ᠠ ᠶᠢᠨ ᠬᠢ ᠠᠴᠠ ᠵᠠᠭᠤᠨ ᠤ 8.80 ᠬᠤᠪᠢ ᠲᠦᠷᠭᠡᠳᠪᠡ᠃ | | | |