ᠵᠧᠩ ᠾᠧ ᠶᠤᠸᠠᠨ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠦᠢᠯᠡᠴᠢᠯᠡᠬᠦ ᠬᠤᠭᠤᠯᠠᠨ ᠭᠡᠷ ᠲᠤ ᠤᠯᠠᠷᠢᠯ ᠤᠨ ᠦᠨᠡᠯᠡᠯᠲᠡ ᠬᠢᠵᠦ  ᠨᠠᠰᠤᠲᠠᠶᠢᠴᠤᠳ ᠤᠨ ᠢᠳᠡᠭᠡᠨ ᠤ ᠠᠮᠤᠷ ᠲᠦᠪᠰᠢᠨ ᠢ ᠪᠠᠲᠤᠯᠠᠪᠠ
ᠨᠡᠶᠢᠲᠡᠯᠡᠭᠰᠡᠨ ᠴᠠᠭ᠄
2024/4/3
      ᠵᠧᠩ ᠾᠧ ᠶᠤᠸᠠᠨ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠤ ᠦᠢᠯᠡᠴᠢᠯᠡᠬᠦ ᠬᠤᠭᠤᠯᠠᠨ ᠭᠡᠷ ᠤᠨ ᠨᠠᠰᠤᠲᠠᠶᠢᠴᠤᠳ ᠲᠤ ᠠᠮᠤᠷ ᠲᠦᠪᠰᠢᠨ᠂ ᠡᠷᠡᠭᠦᠯ ᠮᠡᠨᠳᠦ᠂ ᠠᠮᠲᠠᠲᠠᠢ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠬᠤ ᠶᠢ ᠤᠯᠠᠮ ᠨᠢᠭᠡ ᠠᠯᠬᠤᠮ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠣᠲᠤᠭ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠣᠲᠤᠭ ᠬᠤᠰᠢᠭᠤᠨ ᠤ ᠣᠶᠤᠨᠲᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠬᠢᠷᠠᠭᠤᠯᠤᠯᠲᠠ ᠶᠢᠨ ᠲᠥᠪ᠂ ᠤᠯᠠᠭᠠᠨᠪᠠᠯᠭᠠᠰᠣ ᠶᠢᠨ ᠵᠠᠰᠠᠭ ᠤᠨ ᠣᠷᠳᠣᠨ ᠤ ᠨᠡᠶᠢᠭᠡᠮ ᠤᠨ ᠬᠡᠷᠡᠭ ᠶᠠᠪᠤᠳᠠᠯ ᠤᠨ ᠠᠯᠪᠠᠨ ᠭᠡᠷ ᠪᠠ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠢᠶᠠᠷ ᠪᠦᠷᠢᠯᠳᠦᠭᠰᠡᠨ ᠤᠯᠠᠷᠢᠯ ᠤᠨ ᠦᠨᠡᠯᠡᠯᠲᠡ ᠶᠢᠨ ᠳᠤᠭᠤᠶᠢᠯᠠᠩ ᠤᠨ ᠬᠢᠨ ᠬᠠᠮᠲᠤ ᠪᠠᠷ ᠵᠧᠩ ᠾᠧ ᠶᠤᠸᠠᠨ ᠨᠡᠶᠢᠭᠡᠮ ᠲᠣᠭᠤᠷᠢᠭ ᠲᠤ ᠬᠦᠷᠴᠦ᠂ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ︵ᠨᠠᠰᠤᠲᠠᠶᠢᠴᠤᠳ ᠲᠤ ᠦᠢᠯᠡᠴᠢᠯᠡᠬᠦ ᠬᠤᠭᠤᠯᠠᠨ ᠭᠡᠷ︶ ᠳᠤ ᠤᠯᠠᠷᠢᠯ ᠤᠨ ᠬᠢᠨᠠᠨ ᠰᠢᠯᠭᠠᠷᠠᠭᠤᠯᠤᠯᠲᠠ ᠬᠢᠪᠡ᠂ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠯᠲᠡ ᠬᠢᠬᠦ ᠪᠠᠷ ᠳᠠᠮᠵᠢᠭᠤᠯᠤᠨ᠂ ᠦᠢᠯᠡᠴᠢᠯᠡᠭᠡᠨ ᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠢᠯᠡᠷᠡᠭᠦᠯᠬᠦ ᠶᠢᠨ ᠬᠠᠮᠲᠤ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ᠂ ᠬᠤᠭᠤᠯᠠᠨ ᠭᠡᠷ ᠤᠨ ᠡᠵᠡᠩᠨᠡᠯᠲᠡ ᠶᠢᠨ ᠬᠢᠷᠢ ᠲᠦᠪᠰᠢᠨ ᠪᠠ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠪᠠᠶᠢᠭᠠᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠪᠠ ᠬᠦᠰᠡᠯ ᠡᠷᠡᠮᠡᠯᠵᠡᠯ ᠳᠤ ᠦᠨᠡᠨᠬᠦ ᠨᠡᠶᠢᠴᠡᠭᠦᠯᠬᠦ ᠶᠢ ᠪᠠᠲᠤᠯᠠᠬᠤ ᠶᠢ ᠵᠣᠷᠢᠭᠰᠠᠨ ᠪᠠᠶᠢᠨ᠎ᠠ᠃      ᠦᠨᠡᠯᠡᠯᠲᠡ ᠶᠢᠨ ᠳᠤᠭᠤᠶᠢᠯᠠᠩ ᠤᠨ ᠬᠢᠨ ᠮᠠᠲ᠋ᠧᠷᠢᠶᠠᠯ ᠢ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠰᠣᠨᠣᠰᠬᠤ᠂ ᠨᠠᠰᠤᠲᠠᠶᠢᠴᠤᠳ ᠲᠠᠢ ᠶᠠᠷᠢᠯᠴᠠᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠧᠩ ᠾᠧ ᠶᠤᠸᠠᠨ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢᠨ ᠲᠥᠬᠦᠭᠡᠷᠦᠮᠵᠢ ᠶᠢᠨ ᠨᠥᠬᠦᠴᠡᠯ᠂ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠶᠠᠰᠤ ᠴᠢᠨᠠᠷ᠂ ᠠᠵᠢᠯᠲᠠᠨ ᠤ ᠲᠣᠬᠢᠷᠠᠭᠤᠯᠤᠯᠲᠠ᠂ ᠢᠳᠡᠭᠡᠨ ᠤ ᠠᠮᠤᠷ ᠲᠦᠪᠰᠢᠨ᠂ ᠡᠷᠡᠭᠦᠯ ᠬᠠᠮᠠᠭᠠᠯᠠᠯ ᠤᠨ ᠨᠥᠬᠦᠴᠡᠯ᠂ ᠢᠳᠡᠰᠢᠨ ᠨᠣᠭᠤᠭ᠎ᠠ ᠶᠢᠨ ᠶᠠᠰᠤ ᠴᠢᠨᠠᠷ᠂ ᠭᠠᠯ ᠤᠨᠲᠠᠷᠠᠭᠠᠬᠤ ᠠᠮᠤᠷ ᠲᠦᠪᠰᠢᠨ ᠵᠡᠷᠭᠡ ᠲᠠᠯ᠎ᠠ ᠶᠢ ᠪᠥᠬᠦ ᠲᠠᠯ᠎ᠠ ᠪᠠᠷ ᠨᠠᠷᠢᠨ ᠨᠢᠮᠪᠠᠢ ᠦᠨᠡᠯᠡᠪᠡ᠃  ᠦᠨᠡᠯᠡᠯᠲᠡ ᠶᠢᠨ ᠶᠠᠪᠤᠴᠠ ᠳᠤ ᠨᠠᠰᠤᠲᠠᠶᠢᠴᠤᠳ ᠲᠤ ᠦᠢᠯᠡᠴᠢᠯᠡᠬᠦ ᠬᠤᠭᠤᠯᠠᠨ ᠭᠡᠷ ᠤᠨ ᠢᠳᠡᠭᠡᠨ ᠤ ᠠᠮᠤᠷ ᠲᠦᠪᠰᠢᠨ ᠤ ᠲᠣᠭᠲᠠᠭᠠᠯ ᠢ ᠴᠢᠩᠭ᠎ᠠ ᠵᠢᠷᠤᠮᠯᠠᠵᠤ᠂ ᠡᠳᠦᠷ ᠪᠦᠷᠢ ᠶᠢᠨ ᠢᠳᠡᠭᠡᠨ ᠤᠮᠳᠠᠭᠠᠨ ᠤ ᠰᠢᠨ᠎ᠡ ᠰᠣᠷᠭᠤᠭ ᠢ ᠪᠠᠲᠤᠯᠠᠨ᠂ ᠠᠷᠢᠭᠤᠨ ᠴᠡᠪᠡᠷ ᠤᠨ ᠪᠠᠷᠢᠮᠵᠢᠶ᠎ᠠ ᠳᠤ ᠬᠦᠷᠭᠡᠬᠦ ᠶᠢᠨ ᠬᠠᠮᠲᠤ ᠪᠠᠰᠠ ᠨᠠᠰᠤᠲᠠᠶᠢᠴᠤᠳ ᠤᠨ ᠳᠤᠷ᠎ᠠ ᠪᠠᠬ᠎ᠠ ᠪᠠ ᠰᠢᠮ᠎ᠡ ᠲᠡᠵᠢᠭᠡᠯ ᠤᠨ ᠬᠡᠷᠡᠭᠴᠡᠭᠡ ᠳᠤ ᠲᠣᠬᠢᠷᠠᠭᠤᠯᠤᠨ᠂ ᠡᠳᠦᠷ ᠪᠦᠷᠢ ᠶᠢᠨ ᠰᠢᠮ᠎ᠡ ᠲᠡᠵᠢᠭᠡᠯᠲᠦ ᠬᠤᠭᠤᠯᠠ ᠤᠮᠳᠠᠭᠠᠨ ᠤ ᠲᠣᠪᠶᠤᠭ ᠭᠠᠷᠭᠠᠨ᠂ ᠨᠠᠰᠤᠲᠠᠶᠢᠴᠤᠳ ᠤᠨ ᠳᠤᠷ᠎ᠠ ᠪᠠᠬ᠎ᠠ ᠶᠢ ᠶᠡᠬᠡᠳᠡ ᠲᠠᠲᠠᠵᠤ᠂ ᠬᠤᠭᠤᠯᠠᠨ ᠭᠡᠷ ᠤᠨ ᠺᠠᠷᠲ ᠢᠶᠠᠷ ᠰᠦᠢᠳᠬᠡᠯ ᠬᠤᠷᠢᠶᠠᠬᠤ ᠰᠢᠰᠲ᠋ᠧᠮ ᠨᠢ ᠬᠤᠭᠤᠯᠠ ᠢᠳᠡᠬᠦ ᠳᠤ ᠲᠥᠬᠦᠮ ᠦᠵᠡᠭᠦᠯᠦᠨ᠂ ᠬᠡᠷᠡᠭᠯᠡᠭᠡ ᠶᠢᠨ ᠨᠠᠷᠢᠨ ᠳᠠᠩᠰᠠ ᠶᠢ ᠲᠣᠳᠣᠷᠬᠠᠢ ᠪᠣᠯᠭᠠᠭᠰᠠᠨ ᠢᠶᠠᠷ ᠨᠠᠰᠤᠲᠠᠶᠢᠴᠤᠳ ᠤᠨ ᠳᠠᠭᠠᠰᠢᠶᠠᠯ ᠢ ᠣᠯᠣᠭᠰᠠᠨ ᠢ ᠣᠶᠢᠯᠠᠭᠠᠯ᠎ᠠ᠃      ᠲᠣᠰ ᠤᠳᠠᠭᠠᠨ ᠤ ᠤᠯᠠᠷᠢᠯ ᠤᠨ ᠦᠨᠡᠯᠡᠯᠲᠡ ᠶᠢᠨ ᠠᠵᠢᠯ ᠨᠢ ᠵᠧᠩ ᠾᠧ ᠶᠤᠸᠠᠨ ᠨᠡᠶᠢᠬᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡ ᠶᠢ ᠪᠥᠬᠦ ᠲᠠᠯ᠎ᠠ ᠪᠠᠷ ᠰᠢᠯᠭᠠᠨ ᠪᠠᠶᠢᠴᠠᠭᠠᠭᠰᠠᠨ ᠢᠶᠠᠷ ᠪᠠᠷᠠᠬᠤ ᠦᠭᠡᠢ᠂ ᠨᠠᠰᠤᠵᠢᠯ ᠤᠨ ᠦᠢᠯᠡᠴᠢᠯᠡᠭᠡᠨ ᠤ ᠠᠵᠢᠯ ᠢ ᠬᠦᠴᠦᠲᠡᠢ ᠠᠬᠢᠭᠤᠯᠪᠠ᠃ ᠬᠢᠨᠠᠨ ᠰᠢᠯᠭᠠᠷᠠᠭᠤᠯᠤᠯᠲᠠ ᠨᠢ ᠨᠡᠶᠢᠭᠡᠮ ᠲᠣᠭᠤᠷᠢᠭ ᠤᠨ ᠬᠢᠨ ᠢ ᠬᠠᠪᠰᠤᠷᠤᠨ ᠣᠷᠣᠰᠢᠵᠤ ᠪᠠᠶᠢᠭ᠎ᠠ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠨᠠᠩ ᠲᠣᠳᠣᠷᠬᠠᠢ ᠲᠠᠨᠢᠭᠤᠯᠵᠤ ᠴᠢᠳᠠᠭᠰᠠᠨ ᠮᠥᠷᠲᠡᠭᠡᠨ ᠨᠡᠶᠢᠭᠡᠮ ᠨᠡᠶᠢᠲᠡ ᠳᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠤᠨ ᠪᠠᠶᠢᠳᠠᠯ ᠪᠠ ᠠᠬᠢᠴᠠ ᠶᠢ ᠣᠶᠢᠯᠠᠭᠠᠭᠤᠯᠵᠤ᠂ ᠣᠯᠠᠨ ᠨᠡᠶᠢᠲᠡ ᠶᠢᠨ ᠬᠢᠨ ᠤ ᠵᠧᠩ ᠾᠧ ᠶᠤᠸᠠᠨ ᠨᠡᠶᠢᠭᠡᠮ ᠲᠣᠭᠤᠷᠢᠭ ᠤᠨ ᠭᠡᠷ ᠲᠡᠭᠡᠨ ᠰᠠᠭᠤᠵᠤ ᠪᠠᠶᠢᠭ᠎ᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠷᠲᠡᠭᠡᠨ ᠤ ᠠᠵᠢᠯ ᠳᠠᠬᠢ ᠢᠲᠡᠭᠡᠯ ᠪᠠ ᠳᠡᠮᠵᠢᠯᠭᠡ ᠶᠢ ᠨᠡᠮᠡᠭᠳᠡᠭᠦᠯᠪᠡ᠃ 
ᠢᠷᠡᠯᠲᠡ᠄ ᠤᠯᠠᠭᠠᠨᠪᠠᠯᠭᠠᠰᠣ