ᠤᠯᠠᠭᠠᠨᠪᠠᠯᠭᠠᠰᠣ ᠬᠠᠪᠤᠷ ᠤᠨ ᠤᠯᠠᠷᠢᠯ ᠤᠨ ᠡᠪᠡᠰᠦ ᠣᠷᠭᠤᠬᠤ ᠬᠤᠭᠤᠴᠠᠭᠠᠨ ᠤ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠡ
ᠨᠡᠶᠢᠲᠡᠯᠡᠭᠰᠡᠨ ᠴᠠᠭ᠄
2024/4/3
      ᠪᠥᠬᠦ ᠪᠠᠯᠭᠠᠰᠤᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠦᠷ᠎ᠡ ᠪᠦᠲᠦᠭᠡᠯ ᠢ ᠤᠯᠠᠮ ᠪᠠᠲᠤᠳᠬᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠬᠠᠮᠠᠭᠠᠯᠠᠨ ᠠᠰᠢᠭᠯᠠᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠪᠥᠬᠦ ᠪᠠᠯᠭᠠᠰᠤᠨ ᠤ 14 ᠭᠠᠴᠠᠭ᠎ᠠ ︵ᠲᠣᠰᠬᠤᠨ︶ ᠶᠢᠨ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠣᠷᠣᠨ ᠤ 434 ᠲᠦᠮᠡᠨ ᠮᠦ ᠪᠡᠯᠴᠢᠭᠡᠷ ᠢ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠬᠤᠭᠤᠴᠠᠭᠠᠨ ᠳᠤ ᠣᠷᠣᠭᠤᠯᠪᠠ᠃      ᠮᠠᠨ ᠤ ᠪᠠᠯᠭᠠᠰᠤ 3 ᠳ᠋ᠤᠭᠠᠷ ᠰᠠᠷ᠎ᠠ ᠶᠢᠨ 1 ᠤ ᠡᠳᠦᠷ ︽ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ ᠠᠵᠢᠯ ᠤᠨ ᠲᠤᠬᠠᠢ ᠵᠠᠷᠯᠠᠯ︾ ᠢ ᠨᠡᠶᠢᠲᠡᠯᠡᠵᠦ᠂ ᠰᠡᠯᠭᠦᠨ ᠮᠠᠯᠵᠢᠬᠤ ᠪᠡᠯᠴᠢᠭᠡᠷ ᠤᠨ ᠬᠡᠪᠴᠢᠶ᠎ᠡ᠂ ᠪᠡᠯᠴᠢᠭᠡᠷ ᠤᠨ ᠪᠠᠭᠲᠠᠭᠠᠮᠵᠢ ᠶᠢ ᠬᠢᠨᠠᠨ ᠲᠣᠭᠲᠠᠭᠠᠬᠤ ᠪᠠᠷᠢᠮᠵᠢᠶ᠎ᠠ ᠵᠢᠴᠢ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠲᠣᠳᠣᠷᠬᠠᠢ ᠲᠣᠭᠲᠠᠭᠠᠪᠠ︔ ᠡᠨᠡᠬᠦ ᠰᠠᠭᠤᠷᠢᠨ ᠳᠡᠭᠡᠷ᠎ᠡ᠂ ᠮᠠᠨ ᠤ ᠪᠠᠯᠭᠠᠰᠤ 2024 ᠣᠨ ᠤ ᠬᠤᠶᠠᠷ ᠱᠠᠲᠤᠨ ᠤ ᠺᠠᠳ᠋ᠷᠴᠤᠳ ᠤᠨ ᠶᠡᠭᠡ ᠬᠤᠷᠠᠯ ᠵᠢᠴᠢ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠢ ᠬᠤᠷᠠᠯᠳᠤᠭᠤᠯᠪᠠ᠃      ᠬᠤᠷᠠᠯ ᠳᠡᠭᠡᠷ᠎ᠡ ᠪᠠᠯᠭᠠᠰᠤᠨ ᠤ ᠵᠠᠰᠠᠭ ᠤᠨ ᠣᠷᠳᠣᠨ ᠡᠯ᠎ᠡ ᠭᠠᠴᠠᠭ᠎ᠠ ︵ᠲᠣᠰᠬᠤᠨ︶ ᠲᠠᠢ ︽2024 ᠣᠨ ᠤ ᠤᠯᠠᠭᠠᠨᠪᠠᠯᠭᠠᠰᠣ ᠶᠢᠨ ᠮᠠᠯᠵᠢᠬᠤ ᠲᠠᠷᠢᠶᠠᠯᠠᠬᠤ ᠣᠷᠣᠨ ᠤ ᠬᠠᠷᠠᠯᠲᠠᠲᠤ ᠬᠠᠮᠢᠶᠠᠷᠤᠯᠲᠠ ᠶᠢᠨ ᠠᠵᠢᠯ ᠤᠨ ᠬᠠᠷᠢᠭᠤᠴᠠᠯᠭ᠎ᠠ ᠶᠢᠨ ᠪᠢᠴᠢᠭ︾ ᠲᠤ ᠭᠠᠷ ᠤᠨ ᠥᠰᠥᠭ ᠵᠢᠷᠤᠨ᠂ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠲᠤᠬᠠᠢ ᠳᠡᠭᠡᠳᠦ ᠱᠠᠲᠤᠨ ᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠠᠯᠭᠠᠰᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠠᠷᠠᠭᠠᠴᠢ ᠶᠢᠨ ᠠᠵᠢᠯ ᠳᠤ ᠪᠣᠳᠠᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃      ᠣᠲᠣ ᠪᠣᠯᠲᠠᠯ᠎ᠠ᠂ 5000 ᠭᠠᠷᠤᠢ ᠬᠤᠪᠢ ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠭᠰᠠᠨ ᠪᠥᠭᠡᠳ ᠲᠤᠰᠬᠠᠢ ᠱᠠᠭᠠᠷᠳᠠᠨ ᠪᠠᠶᠢᠴᠠᠭᠠᠬᠤ ᠳᠤᠭᠤᠶᠢᠯᠠᠩ ᠪᠠᠶᠢᠭᠤᠯᠵᠤ᠂ ᠪᠥᠬᠦ ᠪᠠᠯᠭᠠᠰᠤᠨ ᠤ ᠬᠡᠪᠴᠢᠶᠡᠨ ᠳᠠᠬᠢ ᠨᠤᠲᠤᠭ ᠪᠡᠯᠴᠢᠭᠡᠷ ᠲᠤ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠲᠤᠭ᠎ᠠ ᠪᠠ ᠡᠷᠴᠢᠮ ᠢᠶᠠᠨ ᠴᠢᠩᠭᠠᠷᠠᠭᠤᠯᠤᠨ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠬᠦ᠂ ᠬᠤᠯᠠᠭᠠᠶᠢᠴᠢ ᠪᠠᠷ ᠪᠡᠯᠴᠢᠭᠡᠷᠯᠡᠭᠦᠯᠬᠦ ᠠᠵᠢᠯᠯᠠᠭ᠎ᠠ ᠶᠢ ᠴᠢᠩᠭ᠎ᠠ ᠰᠢᠢᠳᠬᠡᠵᠦ᠂ ᠪᠠᠯᠭᠠᠰᠤᠨ ᠤ  ᠪᠡᠯᠴᠢᠭᠡᠷᠯᠡᠭᠦᠯᠬᠦ ᠶᠢ ᠬᠤᠷᠢᠵᠤ ᠰᠡᠯᠭᠦᠨ ᠮᠠᠯᠵᠢᠬᠤ ᠠᠵᠢᠯ ᠳᠤ ᠵᠣᠬᠢᠬᠤ ᠦᠷ᠎ᠡ ᠪᠦᠲᠦᠮᠵᠢ ᠭᠠᠷᠭᠠᠬᠤ ᠶᠢ ᠦᠨᠡᠨᠬᠦ ᠪᠠᠲᠤᠯᠠᠪᠠ᠃ 
ᠢᠷᠡᠯᠲᠡ᠄ ᠤᠯᠠᠭᠠᠨᠪᠠᠯᠭᠠᠰᠣ