ᠰᠢᠨ ᠰᠢᠨ ᠨᠡᠶᠢᠭᠡᠮ ᠲᠣᠭᠤᠷᠢᠭ ︽ᠨᠠᠮ ᠤᠨ ᠠᠴᠢ ᠳᠤ ᠲᠠᠯᠠᠷᠬᠠᠵᠤ  ᠨᠠᠮ ᠤᠨ ᠦᠭᠡ ᠶᠢ ᠰᠣᠨᠣᠰᠤᠨ ᠨᠠᠮ ᠢᠶᠠᠨ ᠳᠠᠭᠠᠬᠤ︾ ︽ᠠᠵᠢᠯ ᠤᠨ ᠲᠤᠷᠰᠢᠯᠭ᠎ᠠ ᠪᠠᠨ ᠵᠢᠭᠠᠵᠤ ᠬᠠᠪᠰᠤᠷᠤᠨ ᠳᠠᠭᠠᠭᠤᠯᠬᠤ︾ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ ᠠᠵᠢᠯ ᠳᠤ ᠰᠢᠨ᠎ᠡ ᠭᠠᠷᠣᠭᠰᠠᠨ ᠺᠠᠳ᠋ᠷᠴᠣᠳ ᠤᠨ ᠠᠵᠢᠯ ᠤᠨ ᠪᠠᠶᠢᠷᠢᠨ ᠳᠠᠭᠠᠨ ᠵᠣᠬᠢᠴᠠᠬᠤ ᠳᠤᠨᠢ ᠬᠠᠪᠰᠤᠷᠤᠯᠭ᠎ᠠ ᠦᠵᠡᠭᠦᠯᠪᠡ
ᠨᠡᠶᠢᠲᠡᠯᠡᠭᠰᠡᠨ ᠴᠠᠭ᠄
2024/4/3
      ᠨᠡᠶᠢᠭᠡᠮ ᠲᠣᠭᠤᠷᠢᠭ ᠲᠤ ᠰᠢᠨ᠎ᠡ ᠪᠠᠷ ᠣᠷᠣᠭᠰᠠᠨ ᠠᠵᠢᠯᠲᠠᠳ ᠤᠷᠮ᠎ᠡ ᠲᠠᠢ ᠠᠵᠢᠯᠯᠠᠵᠤ ᠪᠠᠶᠢᠯ᠎ᠠ᠃ ᠨᠡᠶᠢᠭᠡᠮ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠤᠯᠠᠮ ᠴᠢᠩᠭᠠᠳᠬᠠᠨ᠂ ︽ᠥᠨᠳᠥᠷ ᠬᠡᠪ ᠪᠣᠯᠪᠠᠰᠤᠷᠠᠯ ᠲᠠᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠳᠡᠭ᠂ ᠦᠢᠯᠡᠴᠢᠯᠡᠵᠦ ᠴᠢᠳᠠᠳᠠᠭ᠂ ᠴᠢᠳᠠᠮᠠᠭᠠᠢ ᠠᠵᠢᠯᠯᠠᠳᠠᠭ︾ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢ ᠬᠦᠴᠦᠯᠡᠨ ᠪᠠᠶᠢᠭᠤᠯᠵᠤ᠂ ᠨᠡᠶᠢᠭᠡᠮ ᠤᠨ ᠠᠵᠢᠯᠲᠠᠨ ᠢ ᠬᠠᠪᠰᠤᠷᠤᠨ ᠨᠡᠶᠢᠭᠡᠮ ᠲᠣᠭᠤᠷᠢᠭ ᠤᠨ ᠠᠵᠢᠯ ᠢ ᠭᠦᠢᠴᠡᠳ ᠣᠶᠢᠯᠠᠭᠠᠭᠤᠯᠵᠤ᠂ ᠠᠵᠢᠯ ᠤᠨ ᠪᠠᠶᠢᠷᠢ ᠳᠤᠨᠢ ᠲᠦᠷᠭᠡᠨ ᠵᠣᠬᠢᠴᠠᠭᠤᠯᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 1 ᠤ ᠡᠳᠦᠷ᠂ ᠰᠢᠨ ᠰᠢᠨ ᠨᠡᠶᠢᠭᠡᠮ ᠲᠣᠭᠤᠷᠢᠭ ᠤᠨ ᠬᠢᠨ ︽ᠲᠤᠷᠰᠢᠯᠭ᠎ᠠ ᠪᠠᠨ ᠵᠢᠭᠠᠵᠤ ᠬᠠᠪᠰᠤᠷᠴᠤ ᠳᠠᠭᠠᠭᠤᠯᠬᠤ︾ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂  ᠰᠢᠨ᠎ᠡ ᠠᠵᠢᠯᠲᠠᠨ ᠤ ᠰᠢᠨ᠎ᠡ ᠣᠷᠴᠢᠨ ᠲᠣᠭᠤᠷᠢᠨ᠂ ᠰᠢᠨ᠎ᠡ ᠳᠦᠷᠢ ᠳᠥᠷᠬᠦ᠂ ᠰᠢᠨ᠎ᠡ ᠠᠵᠢᠯ ᠤᠨ ᠪᠠᠶᠢᠷᠢᠨ ᠳᠤ ᠵᠣᠬᠢᠴᠠᠬᠤ ᠶᠢ ᠬᠥᠲᠥᠯᠥᠨ ᠵᠢᠯᠣᠭᠤᠳᠪᠠ᠃      ᠰᠢᠨ ᠰᠢᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠶᠠᠩ ᠰᠢᠶᠣᠣ ᠶᠠᠨ ᠰᠢᠨ᠎ᠡ ᠪᠠᠷ ᠡᠯᠰᠡᠭᠳᠡᠭᠰᠡᠨ ᠨᠡᠶᠢᠭᠡᠮ ᠤᠨ ᠠᠵᠢᠯᠲᠠᠨ ᠢ ᠳᠠᠭᠠᠭᠤᠯᠤᠨ ᠨᠡᠶᠢᠭᠡᠮ ᠲᠣᠭᠤᠷᠢᠭ ᠤᠨ ᠣᠨᠴᠠᠯᠢᠭ᠂  ᠲᠣᠣᠷᠴᠢᠯᠠᠭᠰᠠᠨ ᠬᠠᠮᠢᠶᠠᠷᠤᠯᠲᠠ ᠶᠢᠨ ᠬᠤᠪᠢᠶᠠᠷᠢᠯᠠᠯ᠂ ᠵᠥᠭᠡᠯᠡᠨ ᠬᠡᠷᠡᠭᠰᠡᠯ ᠪᠢᠴᠢᠭ ᠮᠠᠲ᠋ᠧᠷᠢᠶᠠᠯ ᠵᠡᠷᠭᠡ ᠶᠢ ᠨᠠᠷᠢᠨ ᠣᠶᠢᠯᠠᠭᠠᠭᠤᠯᠵᠤ᠂ ᠰᠢᠨ᠎ᠡ ᠪᠦᠷᠢᠯᠳᠦᠭᠦᠨ ᠳᠤ ᠲᠣᠣᠷᠴᠢᠯᠠᠭᠰᠠᠨ ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠶᠢ ᠬᠤᠪᠢᠶᠠᠨ᠂ ᠬᠠᠷᠢᠭᠤᠴᠠᠯᠭ᠎ᠠ ᠲᠣᠭᠲᠠᠭᠠᠨ ᠥᠭᠴᠦ᠂ ᠨᠡᠶᠢᠭᠡᠮ ᠲᠣᠭᠤᠷᠢᠭ ᠤᠨ ᠠᠵᠢᠯᠲᠠᠨ ᠤ ᠲᠤᠰᠢᠶᠠᠯ ᠬᠠᠷᠢᠭᠤᠴᠠᠯᠭ᠎ᠠ ᠶᠢ ᠤᠯᠠᠮ ᠲᠣᠳᠣᠷᠬᠠᠶᠢᠯᠠᠪᠠ᠃ ᠳᠠᠷᠠᠭ᠎ᠠ ᠨᠢ᠂ ᠨᠡᠶᠢᠭᠡᠮ ᠲᠣᠭᠤᠷᠢᠭ ᠤᠨ ᠬᠠᠭᠤᠴᠢᠨ ᠠᠵᠢᠯᠯᠠᠭᠴᠢ ᠪᠠ ᠠᠬᠠᠮᠠᠳ ᠨᠠᠮ ᠤᠨ ᠭᠡᠰᠢᠭᠦᠨ ᠤ ᠳᠠᠭᠠᠭᠤᠯᠭ᠎ᠠ ᠪᠠᠷ ᠬᠤᠪᠢᠶᠠᠨ ᠬᠠᠮᠢᠶᠠᠷᠬᠤ ᠲᠣᠭᠤᠷᠢᠭ ᠲᠤ ᠬᠦᠷᠴᠦ᠂ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ᠂ ᠨᠡᠶᠢᠭᠡᠮ ᠲᠣᠭᠤᠷᠢᠭ ᠤᠨ ᠪᠣᠳᠠᠲᠠᠢ ᠠᠵᠢᠯᠯᠠᠬᠤ ᠶᠠᠪᠤᠴᠠ ᠶᠢ ᠠᠩᠬ᠎ᠠ ᠠᠯᠬᠤᠮ ᠣᠶᠢᠯᠠᠭᠠᠭᠤᠯᠤᠨ᠂ ᠨᠡᠶᠢᠭᠡᠮ ᠤᠨ ᠠᠵᠢᠯ ᠤᠨ ᠤᠨᠤᠯ ᠤᠨ ᠮᠡᠳᠡᠯᠭᠡ ᠶᠢ ᠦᠨᠳᠦᠰᠦᠨ ᠱᠠᠲᠤᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠠᠢ᠃      ᠰᠢᠨ ᠰᠢᠨ ᠨᠡᠶᠢᠭᠡᠮ ᠲᠣᠭᠤᠷᠢᠭ ᠤᠨ ᠬᠢᠨ ︽ᠬᠠᠭᠤᠴᠢᠨ ᠠᠵᠢᠯᠲᠠᠨ ᠰᠢᠨ᠎ᠡ ᠠᠵᠢᠯᠲᠠᠨ ᠢᠶᠠᠨ ᠳᠠᠭᠠᠭᠤᠯᠬᠤ︾ ᠵᠠᠭᠪᠤᠷ ᠢᠶᠠᠷ ᠨᠡᠶᠢᠭᠡᠮ ᠲᠣᠭᠤᠷᠢᠭ ᠤᠨ ᠠᠵᠢᠯ ᠤᠨ ᠦᠢᠯᠡᠴᠢᠯᠡᠭᠡᠨ ᠤ ᠣᠶᠢᠯᠠᠭᠠᠭᠳᠠᠬᠤᠨ᠂ ᠦᠢᠯᠡᠴᠢᠯᠡᠭᠡᠨ ᠤ ᠠᠭᠤᠯᠭ᠎ᠠ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠵᠡᠷᠭᠡ ᠲᠠᠯ᠎ᠠ ᠪᠠᠷ ᠲᠤᠷᠰᠢᠯᠭ᠎ᠠ ᠪᠠᠨ ᠤᠯᠠᠮᠵᠢᠯᠠᠬᠤ ᠪᠠᠷ ᠳᠠᠮᠵᠢᠭᠤᠯᠤᠨ᠂ ᠥᠩᠭᠡᠷᠡᠭᠰᠡᠨ ᠤ ᠲᠤᠷᠰᠢᠯᠭ᠎ᠠ ᠶᠢ ᠰᠢᠨ᠎ᠡ ᠬᠥᠮᠥᠨ ᠤ ᠰᠡᠳᠬᠢᠬᠦᠢ ᠲᠠᠢ ᠤᠶᠠᠯᠳᠤᠭᠤᠯᠵᠤ᠂ ᠰᠢᠨ᠎ᠡ ᠪᠦᠷᠢᠯᠳᠦᠭᠦᠨ ᠳᠤ ᠨᠡᠶᠢᠭᠡᠮ ᠲᠣᠭᠤᠷᠢᠭ ᠤᠨ ᠠᠵᠢᠯ ᠤᠨ ᠲᠤᠬᠠᠢ ᠦᠨᠳᠦᠰᠦᠨ ᠳᠡᠭᠡᠨ ᠣᠶᠢᠯᠠᠭᠠᠭᠤᠯᠤᠨ᠂ ᠨᠡᠶᠢᠭᠡᠮ ᠲᠣᠭᠤᠷᠢᠭ ᠤᠨ ᠪᠦᠷᠢᠯᠳᠦᠭᠦᠨ ᠨᠦᠭᠦᠳ ᠤᠨ ᠬᠤᠭᠤᠷᠣᠨᠳᠣᠬᠢ ᠰᠣᠯᠢᠯᠴᠠᠭ᠎ᠠ ᠪᠠ ᠬᠠᠪᠰᠤᠷᠤᠯᠴᠠᠭ᠎ᠠ ᠶᠢ ᠠᠬᠢᠭᠤᠯᠵᠤ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠢ  ᠴᠢᠩᠭᠠᠳᠬᠠᠨ᠂ ᠨᠡᠶᠢᠭᠡᠮ ᠲᠣᠭᠤᠷᠢᠭ ᠤᠨ ᠨᠡᠩ ᠰᠠᠶᠢᠨ ᠬᠠᠮᠢᠶᠠᠷᠤᠯᠲᠠ ᠦᠢᠯᠡᠴᠢᠯᠡᠭᠡ ᠶᠢ ᠪᠡᠶᠡᠯᠡᠭᠦᠯᠬᠦ ᠳᠤ ᠰᠠᠶᠢᠨ ᠰᠠᠶᠢᠬᠠᠨ ᠳᠠᠭᠤᠷᠢᠶᠠᠯ ᠦᠵᠡᠭᠦᠯᠵᠦ᠂ ᠨᠡᠶᠢᠭᠡᠮ ᠲᠣᠭᠤᠷᠢᠭ ᠤᠨ ᠠᠵᠢᠯ ᠢ ᠰᠠᠶᠢᠲᠤᠷ ᠬᠢᠬᠦ ᠴᠢᠳᠠᠪᠤᠷᠢ᠂ ᠢᠲᠡᠭᠡᠯ ᠵᠣᠷᠢᠭ ᠢ ᠨᠡᠮᠡᠭᠳᠡᠭᠦᠯᠪᠡ᠃ 
ᠢᠷᠡᠯᠲᠡ᠄ ᠴᠢ ᠫᠠᠨ ᠵᠢᠩ ᠪᠠᠯᠭᠠᠰᠤ