ᠭᠤᠤ ᠸᠧᠢ ᠶᠤᠸᠠᠢ᠄ ᠬᠢᠲᠠᠳ ᠦᠨᠳᠦᠰᠦᠲᠡᠨ᠂ ᠡᠷᠡᠭᠲᠡᠢ᠂ ᠭᠦᠨᠴᠢᠷᠭ᠎ᠠ ᠰᠢᠶᠠᠩ ᠤᠨ ᠬᠦᠮᠦᠨ᠂ 1937 ᠣᠨ ᠳᠤ ᠲᠥᠷᠥᠵᠡᠢ᠃ 1 963 ᠣᠨ ᠳᠤ ᠥᠪᠥᠷ | ᠮᠣᠩᠭᠤᠯ ᠤᠨ ᠮᠠᠯ ᠲᠠᠷᠢᠶᠠᠯᠠᠩ ᠤᠨ ᠳᠡᠭᠡᠳᠦ ᠰᠤᠷᠭᠠᠭᠤᠯᠢ ᠶᠢᠨ ᠤᠰᠤᠨ ᠠᠰᠢᠭᠯᠠᠯᠲᠠ ᠶᠢᠨ ᠰᠠᠯᠪᠤᠷᠢ ᠠᠴᠠ ᠲᠡᠭᠦᠰᠴᠦ᠂ ᠤᠳᠠᠭᠠᠨ ᠵᠢᠯ ᠤᠰᠤᠨ ᠠᠰᠢᠭᠯᠠᠯᠲᠠ ᠶᠢᠨ | ᠰᠢᠨᠵᠢᠯᠡᠬᠦ ᠤᠬᠠᠭᠠᠨ ᠤ ᠰᠤᠳᠤᠯᠤᠯ ᠤᠨ ᠠᠵᠢᠯ ᠢ ᠬᠢᠵᠡᠢ᠃ 1984 ᠣᠨ ᠳᠤ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ ᠪᠠᠷ ᠰᠣᠩᠭᠤᠭᠳᠠᠪᠠ᠃ ᠲᠡᠭᠦᠨ ᠤ | ᠡᠷᠬᠢᠯᠡᠭᠰᠡᠨ ︽ᠥᠪᠥᠷ ᠮᠣᠩᠭᠤᠯ ᠤᠨ ᠪᠣᠷᠤᠲᠤᠬᠤᠢ ᠣᠷᠣᠨ ᠤ ᠳᠠᠯᠳᠠ ᠬᠤᠭᠤᠯᠠᠢ ᠪᠠᠷ ᠲᠠᠲᠠᠷᠠᠭᠤᠯᠬᠤ ᠲᠤᠷᠰᠢᠯᠲᠠ︾᠂ ︽ᠥᠪᠥᠷ ᠮᠣᠩᠭᠤᠯ ᠤᠨ ᠪᠣᠷᠣᠲᠤᠬᠤᠢ | ᠤᠰᠤᠯᠠᠯᠲᠠ ᠶᠢᠨ ᠣᠷᠣᠨ ᠤ ᠳᠠᠯᠳᠠ ᠤᠰᠤᠨ ᠤ ᠠᠭᠤᠷᠰᠢᠯᠲᠠ ᠶᠢᠨ ᠲᠤᠷᠰᠢᠯᠲᠠ︾ ᠵᠡᠷᠭᠡ ᠰᠤᠳᠤᠯᠭᠠᠨ ᠤ ᠲᠥᠷᠥᠯ ᠵᠦᠢᠯ ᠵᠡᠷᠭᠡ ᠨᠢ ᠪᠦᠷ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠲᠧᠭᠨᠢᠭ ᠤᠨ ᠳᠠᠪᠰᠢᠯᠲᠠ ᠱᠠᠩᠨᠠᠯ ᠢ ᠬᠦᠷᠲᠡᠵᠦ᠂ ᠲᠣᠪᠣᠶᠢᠮ᠎ᠠ ᠬᠤᠪᠢ ᠨᠡᠮᠡᠭᠦᠷᠢ ᠲᠠᠢ ᠢᠳᠡᠷ ᠵᠠᠯᠠᠭᠤ ᠨᠠᠰᠤᠨ ᠤ ᠮᠡᠷᠭᠡᠵᠢᠯᠲᠡᠨ ᠢᠶᠠᠷ | ᠰᠢᠯᠭᠠᠷᠠᠭᠳᠠᠪᠠ᠃ ︽ᠥᠪᠥᠷ ᠮᠣᠩᠭᠤᠯ ᠤᠨ ᠪᠣᠷᠤᠲᠤᠬᠤᠢ ᠤᠰᠤᠯᠠᠯᠲᠠ ᠶᠢᠨ ᠣᠷᠣᠨ ᠤ ᠬᠥᠷᠦᠰᠦ ᠤᠰᠤ ᠳᠠᠪᠤᠰᠤᠨ ᠤ ᠬᠥᠳᠡᠯᠭᠡᠭᠡᠨ ᠢ ᠴᠠᠷᠴᠠᠭᠠᠬᠤ ᠲᠤᠷᠰᠢᠯᠲᠠ︾ | ᠨᠢ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠳᠥᠷᠪᠡᠳᠦᠭᠡᠷ ᠲᠡᠰ ᠤᠨ ᠱᠠᠩᠨᠠᠯ ᠬᠦᠷᠲᠡᠵᠡᠢ᠃ ᠰᠡᠭᠦᠯᠴᠢ ᠶᠢᠨ ᠦᠶ᠎ᠡ ᠳᠡᠭᠡᠨ ᠥᠪᠥᠷ ᠮᠣᠩᠭᠤᠯ ᠤᠨ | ᠤᠰᠤᠨ ᠠᠰᠢᠭᠯᠠᠯᠲᠠ ᠶᠢᠨ ᠰᠢᠨᠵᠢᠯᠡᠬᠦ ᠤᠬᠠᠭᠠᠨ ᠤ ᠰᠤᠳᠤᠯᠬᠤ ᠭᠠᠵᠠᠷ ᠤᠨ ᠳᠠᠷᠤᠭ᠎ᠠ ᠪᠠᠷ ᠠᠵᠢᠯᠯᠠᠵᠤ ᠪᠠᠶᠢᠪᠠ᠃ | | ︽ᠣᠲᠤᠭ ᠬᠤᠰᠢᠭᠤᠨ ᠤ ᠣᠶᠢᠯᠠᠯᠭ᠎ᠠ︾ ︽ᠣᠲᠤᠭ ᠬᠤᠰᠢᠭᠤᠨ ᠤ ᠣᠶᠢᠯᠠᠯᠭ᠎ᠠ︾ ᠨᠠᠶᠢᠷᠠᠭᠤᠯᠬᠤ ᠺᠣᠮᠢᠰ ᠨᠠᠶᠢᠷᠠᠭᠤᠯᠪᠠ | |