ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 2 ᠤᠨ ᠴᠠᠭᠢᠯᠭᠠᠨ ᠮᠡᠳᠡᠭᠡ 4 ᠰᠠᠷ᠎ᠠ ᠶᠢᠨ 2 ᠤᠨ ᠣᠷᠣᠢ᠂ ᠤᠯᠤᠰ ᠤᠨ ᠲᠡᠷᠢᠭᠦᠯᠡᠭᠴᠢ ᠰᠢ ᠶᠢᠨ | ᠫᠢᠩ ᠪᠣᠯᠵᠤᠭ᠎ᠠ ᠪᠠᠷ ᠠᠮᠧᠷᠢᠺᠠ ᠶᠢᠨ ᠶᠡᠷᠦᠩᠬᠡᠶᠢᠯᠡᠭᠴᠢ ᠪᠠᠶᠢᠳᠧᠨ ᠲᠠᠢ ᠤᠲᠠᠰᠤ ᠪᠠᠷ ᠶᠠᠷᠢᠯᠴᠠᠪᠠ᠃ ᠬᠤᠶᠠᠷ ᠤᠯᠤᠰ ᠤᠨ ᠲᠡᠷᠢᠭᠦᠨ ᠳᠤᠮᠳᠠᠳᠤ ᠠᠮᠧᠷᠢᠺᠠ ᠶᠢᠨ | ᠬᠠᠷᠢᠯᠴᠠᠭ᠎ᠠ ᠵᠢᠴᠢ ᠬᠤᠶᠠᠷ ᠲᠠᠯ᠎ᠠ ᠶᠢᠨ ᠬᠠᠮᠲᠤ ᠪᠠᠷ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠢ ᠰᠠᠨᠠᠯ ᠢᠶᠠᠨ ᠦᠨᠡᠨᠴᠢ ᠪᠠᠷ ᠭᠦᠨᠵᠡᠭᠡᠢ ᠰᠣᠯᠢᠯᠴᠠᠪᠠ᠃ | ᠰᠢ ᠶᠢᠨ ᠫᠢᠩ᠂ ᠨᠢᠳᠤᠨᠤᠨ ᠤ 11 ᠰᠠᠷ᠎ᠠ ᠳᠤ ᠪᠢ ᠶᠡᠷᠦᠩᠬᠡᠶᠢᠯᠡᠭᠴᠢ ᠠᠪᠤᠭᠠᠢ ᠲᠠᠢ ᠰᠠᠨ ᠹᠷᠠᠨᠰᠢᠰᠺᠦ ᠳᠤ ᠠᠭᠤᠯᠵᠠᠵᠤ᠂ ᠢᠷᠡᠭᠡᠳᠦᠢ ᠳᠤ ᠬᠠᠨᠳᠤᠭᠰᠠᠨ ︽ | ᠰᠠᠨ ᠹᠷᠠᠨᠰᠢᠰᠺᠦ ᠶᠢᠨ ᠬᠦᠰᠡᠯ ᠪᠠᠷᠠᠯᠠᠯ︾ ᠢ ᠡᠬᠢᠯᠡᠭᠦᠯᠪᠡ᠃ ᠡᠨᠡ ᠬᠡᠳᠦᠨ ᠰᠠᠷ᠎ᠠ ᠳᠤ ᠬᠤᠶᠠᠷ ᠲᠠᠯ᠎ᠠ ᠶᠢᠨ ᠪᠦᠯᠭᠦᠮ ᠪᠢᠳᠠᠨ ᠤ ᠲᠣᠬᠢᠷᠠᠯᠴᠠᠭᠰᠠᠨ ᠬᠠᠮᠲᠤ ᠶᠢᠨ | ᠲᠠᠨᠢᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠤ ᠲᠣᠭᠲᠠᠭᠤᠨ ᠪᠠᠶᠢᠳᠠᠯ ᠢᠯᠡᠷᠡᠵᠦ᠂ ᠬᠤᠶᠠᠷ ᠤᠯᠤᠰ ᠤᠨ ᠡᠯ᠎ᠡ | ᠡᠲᠡᠭᠡᠳ ᠪᠣᠯᠣᠨ ᠳᠡᠯᠡᠬᠡᠢ ᠨᠡᠶᠢᠭᠡᠮ ᠤᠨ ᠬᠦᠷᠢᠶᠡᠯᠡᠯ ᠢ ᠣᠯᠪᠠ᠃ ᠨᠦᠭᠦᠭᠡ ᠲᠠᠯ᠎ᠠ ᠪᠠᠷ᠂ ᠬᠤᠶᠠᠷ ᠤᠯᠤᠰ ᠤᠨ ᠬᠠᠷᠢᠯᠴᠠᠭᠠᠨ ᠳᠠᠬᠢ ᠨᠠᠵᠠᠭᠠᠢ ᠬᠦᠴᠦᠨ ᠵᠦᠢᠯ ᠴᠦ | ᠡᠳᠦᠢ ᠲᠡᠳᠦᠢ ᠨᠡᠮᠡᠭᠳᠡᠵᠦ ᠪᠠᠶᠢᠨ᠎ᠠ᠂ ᠬᠤᠶᠠᠷ ᠲᠠᠯ᠎ᠠ ᠪᠠᠷ ᠢᠶᠠᠨ ᠴᠢᠬᠤᠯᠠᠴᠢᠯᠠᠨ ᠦᠵᠡᠬᠦ ᠬᠡᠷᠡᠭᠲᠡᠢ ᠭᠡᠵᠦ ᠵᠢᠭᠠᠵᠤ ᠭᠠᠷᠭᠠᠵᠠᠢ᠃ | ᠰᠢ ᠶᠢᠨ ᠫᠢᠩ᠂ ᠪᠠᠶᠢᠯᠳᠤᠬᠤ ᠪᠣᠳᠣᠯᠭ᠎ᠠ ᠶᠢᠨ ᠲᠠᠨᠢᠯᠲᠠ ᠶᠢᠨ ᠠᠰᠠᠭᠤᠳᠠᠯ ᠪᠣᠯ ᠢᠮᠠᠭᠲᠠ ᠳᠤᠮᠳᠠᠳᠤ ᠠᠮᠧᠷᠢᠺᠠ ᠶᠢᠨ ᠬᠠᠷᠢᠯᠴᠠᠭ᠎ᠠ ᠶᠢᠨ ᠡᠷᠬᠡᠪᠰᠢ ᠰᠠᠶᠢᠲᠤᠷ | ᠴᠢᠬᠤᠯᠠᠴᠢᠯᠠᠬᠤ ︽ᠠᠩᠬᠠᠨ ᠤ ᠠᠯᠬᠤᠮ︾ ᠪᠣᠯᠣᠨ᠎ᠠ᠃ ᠳᠤᠮᠳᠠᠳᠤ ᠠᠮᠧᠷᠢᠺᠠ ᠡᠶᠢᠮᠦ ᠬᠤᠶᠠᠷ ᠲᠣᠮᠣ ᠤᠯᠤᠰ ᠶᠠᠪᠤᠯᠴᠠᠬᠤ ᠦᠭᠡᠢ᠂ ᠬᠠᠷᠢᠯᠴᠠᠬᠤ ᠦᠭᠡᠢ ᠪᠠᠶᠢᠵᠤ | ᠪᠤᠯᠬᠤ ᠦᠭᠡᠢ᠂ ᠨᠡᠩ ᠴᠤ ᠮᠥᠷᠭᠦᠯᠳᠦᠨ ᠡᠰᠡᠷᠭᠦᠴᠡᠯᠳᠦᠵᠦ ᠪᠤᠯᠬᠤ ᠦᠭᠡᠢ᠂ ᠬᠠᠷᠢᠯᠴᠠᠨ ᠭᠦᠨᠳᠦᠳᠭᠡᠵᠦ᠂ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ᠂ | ᠬᠠᠮᠲᠤᠷᠠᠯᠴᠠᠨ ᠬᠠᠮᠲᠤ ᠪᠠᠷ ᠠᠰᠢᠭ ᠬᠦᠷᠲᠡᠵᠦ᠂ ᠦᠷᠭᠦᠯᠵᠢᠯᠡᠨ ᠲᠣᠭᠲᠠᠭᠤᠨ᠂ ᠡᠷᠡᠭᠦᠯ᠂ ᠦᠷᠭᠦᠯᠵᠢᠯᠡᠬᠦ ᠵᠠᠮ ᠢᠶᠠᠷ ᠤᠷᠤᠭᠰᠢᠯᠠᠪᠠᠯ ᠵᠣᠬᠢᠨ᠎ᠠ᠂ ᠬᠠᠷᠢᠨ | ᠥᠩᠭᠡᠷᠡᠭᠰᠡᠨ ᠤ ᠵᠠᠮ ᠢᠶᠠᠷ ᠢᠶᠠᠨ ᠵᠠᠮᠨᠠᠵᠤ ᠪᠤᠯᠬᠤ ᠦᠭᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠡᠨᠡ ᠵᠢᠯ ᠳᠤᠮᠳᠠᠳᠤ ᠠᠮᠧᠷᠢᠺᠠ ᠶᠢᠨ ᠬᠠᠷᠢᠯᠴᠠᠭ᠎ᠠ ᠬᠡᠳᠦᠨ ᠶᠡᠭᠡ ᠵᠠᠷᠴᠢᠮ ᠢ ᠪᠠᠷᠢᠮᠲᠠᠯᠠᠬᠤ ᠬᠡᠷᠡᠭᠲᠡᠢ᠃ ᠨᠢᠭᠡ ᠳᠤ᠂ ᠨᠠᠶᠢᠷᠠᠮᠳᠠᠯ ᠢ | ᠡᠷᠬᠢᠮᠯᠡᠵᠦ᠂ ᠮᠥᠷᠭᠦᠯᠳᠦᠬᠦ ᠦᠭᠡᠢ ᠡᠰᠡᠷᠭᠦᠴᠡᠯᠳᠦᠬᠦ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠵᠤ᠂ ᠳᠤᠮᠳᠠᠳᠤ ᠠᠮᠧᠷᠢᠺᠠ ᠶᠢᠨ ᠬᠠᠷᠢᠯᠴᠠᠭ᠎ᠠ ᠳᠠᠬᠢ ᠵᠥᠪ | ᠲᠠᠯ᠎ᠠ ᠶᠢᠨ ᠵᠢᠱᠢᠯᠲᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠶ᠎ᠡ᠃ ᠬᠤᠶᠠᠷ ᠲᠤ᠂ ᠲᠣᠭᠲᠠᠭᠤᠨ ᠪᠠᠶᠢᠬᠤ ᠶᠢ ᠴᠢᠬᠤᠯᠠᠴᠢᠯᠠᠵᠤ᠂ ᠳᠡᠩᠰᠡᠯᠭᠡᠬᠦ ᠦᠭᠡᠢ᠂ ᠬᠡᠷᠡᠭ | ᠥᠳᠥᠭᠡᠬᠦ ᠦᠭᠡᠢ᠂ ᠬᠠᠷᠢᠯᠴᠠᠨ ᠭᠠᠷ ᠲᠦᠷᠦᠭᠦ ᠦᠭᠡᠢ ᠪᠠᠶᠢᠵᠤ᠂ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ | ᠪᠠᠲᠤᠯᠠᠶ᠎ᠠ᠃ ᠭᠤᠷᠪᠠ ᠳᠤ᠂ ᠦᠨᠡᠨᠴᠢ ᠢᠲᠡᠭᠡᠮᠵᠢ ᠪᠠᠷ ᠦᠨᠳᠦᠰᠦ ᠪᠤᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠲᠤᠰ ᠲᠤᠰ ᠤᠨ ᠠᠮᠠᠯᠠᠯᠲᠠ ᠪᠠᠨ ᠪᠡᠶᠡᠯᠡᠭᠦᠯᠵᠦ᠂ ︽ | ᠰᠠᠨ ᠹᠷᠠᠨᠰᠢᠰᠺᠤ ᠶᠢᠨ ᠬᠦᠰᠡᠯ ᠪᠠᠷᠠᠯᠠᠯ︾ ᠢ ︽ᠪᠣᠳᠠᠲᠤ ᠠᠬᠤᠢ ᠪᠠᠶᠢᠳᠠᠯ︾ ᠪᠣᠯᠭᠠᠨ ᠬᠤᠪᠢᠷᠠᠭᠤᠯᠤᠶ᠎ᠠ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ | ᠭᠡᠯᠪᠡᠷᠢ ᠪᠠᠷ ᠶᠠᠷᠢᠯᠴᠠᠭ᠎ᠠ ᠪᠠᠨ ᠴᠢᠩᠭᠠᠳᠬᠠᠵᠤ᠂ ᠵᠥᠷᠢᠴᠡᠯ ᠢᠶᠠᠨ ᠪᠣᠯᠭᠤᠮᠵᠢᠲᠠᠢ ᠣᠪᠣᠷ ᠢᠶᠠᠷ ᠬᠠᠮᠢᠶᠠᠷᠤᠨ ᠡᠵᠡᠮᠳᠡᠵᠦ᠂ ᠬᠠᠷᠢᠯᠴᠠᠨ ᠠᠰᠢᠭᠲᠠᠢ ᠪᠠᠶᠢᠬᠤ ᠵᠣᠷᠢᠭ | ᠰᠠᠨᠠᠭ᠎ᠠ ᠪᠠᠷ ᠬᠠᠮᠲᠤᠷᠠᠯᠴᠠᠭ᠎ᠠ ᠪᠠᠨ ᠠᠬᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠷ ᠤᠯᠠᠨ ᠤᠯᠤᠰ ᠤᠨ ᠵᠣᠬᠢᠴᠠᠭᠤᠯᠭ᠎ᠠ ᠶᠢ ᠴᠢᠩᠭᠠᠳᠬᠠᠶ᠎ᠠ ᠭᠡᠵᠦ ᠵᠢᠭᠠᠵᠤ | ᠭᠠᠷᠭᠠᠵᠠᠢ᠃ | ᠰᠢ ᠶᠢᠨ ᠫᠢᠩ᠂ ᠲᠠᠶᠢᠸᠠᠨ ᠤ ᠠᠰᠠᠭᠤᠳᠠᠯ ᠪᠣᠯ ᠳᠤᠮᠳᠠᠳᠤ ᠠᠮᠧᠷᠢᠺᠠ ᠶᠢᠨ ᠬᠠᠷᠢᠯᠴᠠᠭᠠᠨ ᠤ ᠡᠩ ᠲᠦᠷᠦᠭᠦᠨ ᠤ ᠳᠠᠪᠠᠵᠤ ᠪᠣᠯᠣᠰᠢ ᠦᠭᠡᠢ ᠤᠯᠠᠭᠠᠨ | ᠱᠤᠭᠤᠮ ᠮᠥᠨ᠃ ︽ᠲᠠᠶᠢᠸᠠᠨ ᠢ ᠲᠤᠰᠠᠭᠠᠷ ᠲᠣᠭᠲᠠᠨᠢᠭᠤᠯᠬᠤ︾ ᠬᠦᠴᠦᠨ ᠤ ᠬᠠᠭᠠᠴᠠᠭᠤᠯᠬᠤ ᠠᠵᠢᠯᠯᠠᠭ᠎ᠠ ᠪᠠ ᠭᠠᠳᠠᠭᠠᠳᠤ ᠶᠢᠨ ᠳᠤᠷ᠎ᠠ ᠪᠠᠷ ᠨᠢ ᠲᠠᠯᠪᠢᠵᠤ | ᠬᠠᠪᠰᠤᠷᠤᠨ ᠳᠡᠮᠵᠢᠬᠦ ᠠᠵᠢᠯᠯᠠᠭ᠎ᠠ ᠶᠢ ᠪᠢᠳᠡ ᠰᠣᠨᠣᠰᠤᠭᠠᠳ ᠯᠡ ᠥᠩᠭᠡᠷᠡᠭᠦᠯᠬᠦ ᠪᠢᠰᠢ ᠶᠤᠮ᠃ ᠠᠮᠧᠷᠢᠺᠠ ᠶᠢᠨ ᠬᠢᠨ ᠶᠡᠷᠦᠩᠬᠡᠶᠢᠯᠡᠭᠴᠢ ᠠᠪᠤᠭᠠᠢ ᠶᠢᠨ ︽ | ᠲᠠᠶᠢᠸᠠᠨ ᠤ ᠲᠤᠰᠠᠭᠠᠷ ᠲᠣᠭᠲᠠᠨᠢᠬᠤ︾ ᠶᠢ ᠦᠯᠦ ᠳᠡᠮᠵᠢᠬᠦ ᠢᠳᠡᠪᠬᠢᠲᠡᠢ ᠣᠪᠣᠷ ᠢ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ | ᠠᠮᠧᠷᠢᠺᠠ ᠶᠢᠨ ᠳᠤᠮᠳᠠᠳᠤ ᠤᠯᠤᠰ ᠤᠨ ᠠᠵᠤ ᠠᠬᠤᠢ ᠠᠷᠠᠯᠵᠢᠶ᠎ᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠳᠤ ᠴᠢᠭᠯᠡᠭᠦᠯᠦᠭᠰᠡᠨ ᠳᠠᠷᠤᠯᠲᠠ ᠦᠵᠡᠭᠦᠯᠭᠦ ᠠᠷᠭ᠎ᠠ | ᠬᠡᠮᠵᠢᠶ᠎ᠡ ᠲᠠᠰᠤᠷᠠᠯᠲᠠ ᠦᠭᠡᠢ ᠭᠠᠷᠴᠤ ᠢᠷᠡᠵᠤ᠂ ᠳᠤᠮᠳᠠᠳᠤ ᠤᠯᠤᠰ ᠤᠨ ᠠᠵᠤ ᠠᠬᠤᠶᠢᠯᠠᠯ ᠢ ᠵᠠᠯᠬᠠᠭᠠᠬᠤ ᠳᠠᠩᠰᠠ ᠶᠠᠪᠤᠬᠤ ᠲᠤᠲᠤᠮ ᠨᠡᠮᠡᠭᠳᠡᠵᠦ ᠪᠠᠶᠢᠨ᠎ᠠ᠃ | ᠡᠨᠡ ᠨᠢ ︽ᠲᠦᠭᠰᠢᠭᠦᠷᠢ ᠶᠢ ᠠᠷᠢᠯᠭᠠᠬᠤ︾ ᠶᠠᠪᠤᠳᠠᠯ ᠪᠢᠰᠢ᠂ ᠬᠠᠷᠢᠨ ᠲᠦᠭᠰᠢᠭᠦᠷᠢ ᠶᠢ ᠪᠤᠢ ᠪᠤᠯᠭᠠᠬᠤ ᠶᠠᠪᠤᠳᠠᠯ ᠪᠣᠯᠣᠨ᠎ᠠ᠃ ᠬᠡᠷᠪᠡ ᠠᠮᠧᠷᠢᠺᠠ ᠶᠢᠨ | ᠲᠠᠯ᠎ᠠ ᠶᠢᠨ ᠬᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠥᠷᠨᠢᠭᠦᠯᠵᠦ᠂ ᠳᠤᠮᠳᠠᠳᠤ ᠤᠯᠤᠰ ᠤᠨ ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠡᠳ᠋ᠯᠡᠬᠦ | ᠳᠤᠷᠠᠲᠠᠢ ᠪᠣᠯ᠂ ᠳᠤᠮᠳᠠᠳᠤ ᠶᠢᠨ ᠲᠠᠯ᠎ᠠ ᠶᠢᠨ ᠬᠢᠨ ᠬᠡᠵᠢᠶᠡᠳᠡ ᠡᠭᠦᠳᠡ ᠪᠠᠨ ᠨᠡᠭᠡᠭᠡᠵᠦ ᠤᠬᠳᠤᠨ᠎ᠠ ; ᠬᠡᠷᠪᠡ ᠠᠮᠧᠷᠢᠺᠠ ᠶᠢᠨ ᠲᠠᠯ᠎ᠠ ᠶᠢᠨ ᠬᠢᠨ ᠮᠤᠵᠢᠭᠤᠳᠠ ᠪᠠᠷ | ᠳᠤᠮᠳᠠᠳᠤ ᠤᠯᠤᠰ ᠤᠨ ᠳᠡᠭᠡᠳᠦ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠥᠭᠵᠢᠯᠲᠡ ᠶᠢ ᠳᠠᠷᠤᠵᠤ᠂ ᠳᠤᠮᠳᠠᠳᠤ ᠤᠯᠤᠰ ᠤᠨ ᠵᠦᠢ ᠶᠣᠰᠣᠨ ᠤ | ᠬᠥᠭᠵᠢᠯᠲᠡ ᠶᠢᠨ ᠡᠷᠬᠡ ᠶᠢ ᠦᠭᠡᠶᠢᠰᠭᠡᠭᠦ ᠳᠤ ᠭᠦᠷᠪᠡᠯ ᠪᠢᠳᠡ ᠪᠠᠰᠠ ᠬᠠᠮᠢᠶᠠᠷᠬᠤ ᠦᠭᠡᠢ ᠰᠠᠭᠤᠬᠤ ᠪᠢᠰᠢ ᠭᠡᠵᠦ ᠴᠢᠬᠤᠯᠠᠴᠢᠯᠠᠪᠠ᠃ | ᠰᠢ ᠶᠢᠨ ᠫᠢᠩ ᠰᠢᠶᠠᠩᠭᠠᠩ᠂ ᠬᠥᠮᠥᠨ ᠤ ᠡᠷᠬᠡ᠂ ᠡᠮᠦᠨᠡᠲᠦ ᠲᠠᠩᠭᠢᠰ ᠵᠡᠷᠭᠡ ᠳᠤ ᠬᠤᠯᠪᠣᠭᠳᠠᠭᠰᠠᠨ ᠠᠰᠠᠭᠤᠳᠠᠯ ᠤᠨ ᠲᠠᠯ᠎ᠠ ᠪᠠᠷ ᠬᠢ ᠳᠤᠮᠳᠠᠳᠤ ᠤᠯᠤᠰ ᠤᠨ | ᠵᠣᠭᠰᠣᠯᠲᠠ ᠶᠢ ᠲᠣᠳᠣᠷᠬᠠᠶᠢᠯᠠᠨ ᠥᠭᠦᠯᠡᠪᠡ᠃ | ᠪᠠᠶᠢᠳᠧᠨ᠂ ᠠᠮᠧᠷᠢᠺᠠ ᠳᠤᠮᠳᠠᠳᠤ ᠶᠢᠨ ᠬᠠᠷᠢᠯᠴᠠᠭ᠎ᠠ ᠪᠣᠯ ᠳᠡᠯᠡᠬᠡᠢ ᠳᠡᠭᠡᠷᠡᠬᠢ ᠬᠠᠮᠤᠭ ᠤᠨ ᠭᠦᠨ ᠭᠦᠨᠵᠡᠭᠡᠢ ᠨᠥᠯᠥᠭᠡ ᠲᠠᠢ ᠬᠤᠶᠠᠷ ᠲᠠᠯ᠎ᠠ ᠶᠢᠨ | ᠬᠠᠷᠢᠯᠴᠠᠭ᠎ᠠ ᠪᠣᠯᠣᠨ᠎ᠠ᠃ ᠰᠠᠨ ᠹᠷᠠᠨᠰᠢᠰᠺᠤ ᠶᠢᠨ ᠠᠭᠤᠯᠵᠠᠯᠲᠠ ᠠᠴᠠ ᠨᠠᠭᠠᠰᠢᠬᠢ ᠠᠮᠧᠷᠢᠺᠠ ᠳᠤᠮᠳᠠᠳᠤ ᠶᠢᠨ ᠬᠠᠷᠢᠯᠴᠠᠭᠠᠨ ᠤ ᠣᠯᠣᠭᠰᠠᠨ ᠠᠬᠢᠴᠠ ᠨᠢ ᠬᠤᠶᠠᠷ | ᠲᠠᠯ᠎ᠠ ᠪᠠᠷ ᠢᠶᠠᠨ ᠬᠠᠮᠲᠤᠷᠠᠯᠴᠠᠭ᠎ᠠ ᠪᠠᠨ ᠢᠳᠡᠪᠬᠢᠲᠡᠢ ᠪᠠᠷ ᠠᠬᠢᠭᠤᠯᠬᠤ ᠶᠢᠨ ᠬᠠᠮᠲᠤ ᠬᠠᠷᠢᠭᠤᠴᠠᠬᠤ ᠣᠪᠣᠷ ᠢᠶᠠᠷ ᠵᠥᠷᠢᠯᠳᠦᠭᠡᠨ ᠢᠶᠠᠨ ᠬᠠᠮᠢᠶᠠᠷᠴᠤ ᠪᠤᠯᠬᠤ ᠶᠢ | ᠬᠠᠷᠠᠭᠤᠯᠪᠠ᠃ ᠠᠮᠧᠷᠢᠺᠠ ᠶᠢᠨ ᠲᠠᠯ᠎ᠠ ᠶᠢᠨ ᠬᠢᠨ ︽ᠰᠢᠨ᠎ᠡ ᠬᠦᠢᠲᠡᠨ ᠳᠠᠶᠢᠨ︾ ᠢ ᠡᠷᠢᠯᠬᠢᠯᠡᠬᠦ ᠦᠭᠡᠢ᠂ ᠳᠤᠮᠳᠠᠳᠤ ᠤᠯᠤᠰ ᠤᠨ ᠪᠠᠶᠢᠭᠤᠯᠤᠯ ᠢ ᠥᠭᠡᠷᠡᠴᠢᠯᠡᠬᠦ ᠶᠢ | ᠡᠷᠢᠯᠬᠢᠯᠡᠬᠦ ᠦᠭᠡᠢ᠂ ᠬᠤᠯᠪᠣᠭᠠᠨ ᠤ ᠬᠠᠷᠢᠯᠴᠠᠭ᠎ᠠ ᠪᠠᠨ ᠴᠢᠩᠭᠠᠳᠬᠠᠬᠤ ᠪᠠᠷ ᠳᠠᠮᠵᠢᠭᠤᠯᠤᠨ ᠳᠤᠮᠳᠠᠳᠤ ᠤᠯᠤᠰ ᠢ ᠡᠰᠡᠷᠭᠦᠴᠡᠬᠦ ᠶᠢ ᠡᠷᠢᠯᠬᠢᠯᠡᠬᠦ ᠦᠭᠡᠢ᠂ ︽ | ᠲᠠᠶᠢᠸᠠᠨ ᠤ ᠲᠤᠰᠠᠭᠠᠷ ᠲᠣᠭᠲᠠᠨᠢᠬᠤ︾ ᠶᠢ ᠳᠡᠮᠵᠢᠬᠦ ᠦᠭᠡᠢ᠂ ᠳᠤᠮᠳᠠᠳᠤ ᠤᠯᠤᠰ ᠲᠠᠢ ᠮᠥᠷᠭᠦᠯᠳᠦᠭᠡᠨ ᠡᠭᠦᠰᠬᠦ ᠪᠤᠳᠤᠯ ᠦᠭᠡᠢ ᠭᠡᠵᠦ ᠪᠢ ᠳᠠᠪᠲᠠᠨ ᠢᠯᠡᠷᠬᠡᠶᠢᠯᠡᠶ᠎ᠡ | ᠃ ᠠᠮᠧᠷᠢᠺᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠪᠠᠷᠢᠮᠲᠠᠯᠠᠨ᠎ᠠ᠃ ᠳᠤᠮᠳᠠᠳᠤ ᠤᠯᠤᠰ ᠤᠨ ᠬᠥᠭᠵᠢᠯᠲᠡ ᠳᠡᠯᠡᠬᠡᠢ ᠳ᠋ᠠᠬᠢᠨ ᠳᠤ | ᠠᠰᠢᠭᠲᠠᠢ᠂ ᠠᠮᠧᠷᠢᠺᠠ ᠳᠤᠮᠳᠠᠳᠤ ᠤᠯᠤᠰ ᠤᠨ ᠬᠥᠭᠵᠢᠯᠲᠡ ᠶᠢ ᠬᠤᠷᠢᠭᠯᠠᠬᠤ ᠶᠢ ᠡᠷᠢᠯᠬᠢᠯᠡᠬᠦ ᠦᠭᠡᠢ᠂ ᠳᠤᠮᠳᠠᠳᠤ ᠤᠯᠤᠰ ᠲᠠᠢ ︽ᠬᠠᠷᠢᠯᠴᠠᠭ᠎ᠠ ᠪᠠᠨ ᠲᠠᠰᠤᠯᠬᠤ︾ | ᠶᠢ ᠡᠷᠢᠯᠬᠢᠯᠡᠬᠦ ᠦᠭᠡᠢ᠃ ᠳᠤᠷᠠᠲᠠᠶ᠎ᠠ ᠡᠳ᠋ ᠤᠨ ᠵᠠᠰᠠᠭ ᠤᠨ ᠶᠠᠮᠤᠨ ᠤ ᠰᠠᠶᠢᠳ ᠶᠧᠯᠤᠨ᠂ ᠲᠦᠷᠦ ᠶᠢᠨ ᠶᠠᠪᠤᠳᠠᠯ ᠤᠨ ᠰᠠᠶᠢᠳ ᠪᠦᠯᠢᠨᠺᠧᠨ ᠢ ᠣᠶᠢᠷ᠎ᠠ ᠶᠢᠨ | ᠬᠤᠭᠤᠴᠠᠭᠠᠨ ᠳᠤ ᠳᠤᠮᠳᠠᠳᠤ ᠤᠯᠤᠰ ᠲᠤ ᠠᠶᠢᠯᠴᠢᠯᠠᠬᠤ ᠪᠠᠷ ᠲᠣᠬᠢᠷᠠᠭᠤᠯᠵᠤ᠂ ᠳᠤᠮᠳᠠᠳᠤ ᠤᠯᠤᠰ ᠯᠤᠭ᠎ᠠ ᠶᠠᠷᠢᠯᠴᠠᠭ᠎ᠠ ᠣᠯᠣᠯᠴᠠᠭ᠎ᠠ ᠪᠠᠨ ᠴᠢᠩᠭᠠᠳᠬᠠᠵᠤ᠂ | ᠪᠤᠷᠤᠭᠤ ᠮᠠᠭᠠᠳᠯᠠᠬᠤ ᠠᠴᠠ ᠵᠠᠶᠢᠯᠠᠰᠬᠢᠵᠦ᠂ ᠬᠠᠮᠲᠤᠷᠠᠯᠴᠠᠭ᠎ᠠ ᠪᠠᠨ ᠠᠬᠢᠭᠤᠯᠵᠤ᠂ ᠬᠤᠶᠠᠷ ᠤᠯᠤᠰ ᠤᠨ ᠬᠠᠷᠢᠯᠴᠠᠭ᠎ᠠ ᠶᠢᠨ ᠲᠣᠭᠲᠠᠭᠤᠨ ᠬᠥᠭᠵᠢᠯᠲᠡ ᠶᠢ | ᠠᠬᠢᠭᠤᠯᠵᠤ᠂ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠬᠠᠮᠲᠤ ᠪᠠᠷ ᠠᠷᠭᠠᠴᠠᠭᠠᠨ᠎ᠠ ᠭᠡᠵᠦ ᠢᠯᠡᠳᠬᠡᠪᠡ᠃ | ᠬᠤᠶᠠᠷ ᠤᠯᠤᠰ ᠤᠨ ᠲᠡᠷᠢᠭᠦᠨ ᠪᠠᠰᠠ ᠦᠺᠷᠠᠶᠢᠨ ᠤ ᠬᠢᠮᠤᠷᠠᠯ᠂ ᠰᠣᠯᠣᠩᠭᠤᠰ ᠬᠤᠶᠢᠭ ᠤᠨ ᠪᠠᠶᠢᠳᠠᠯ ᠵᠡᠷᠭᠡ ᠶᠢᠨ ᠲᠤᠬᠠᠢ ᠰᠠᠨᠠᠯ ᠢᠶᠠᠨ ᠰᠣᠯᠢᠯᠴᠠᠪᠠ᠃ | ᠬᠤᠶᠠᠷ ᠤᠯᠤᠰ ᠤᠨ ᠲᠡᠷᠢᠭᠦᠨ᠂ ᠡᠨᠡ ᠤᠳᠠᠭ᠎ᠠ ᠶᠢᠨ ᠤᠲᠠᠰᠤ ᠪᠠᠷ ᠶᠠᠷᠢᠯᠴᠠᠭᠰᠠᠨ ᠨᠢ ᠦᠨᠡᠨᠴᠢ ᠪᠥᠭᠡᠳ ᠪᠦᠲᠦᠭᠡᠯᠴᠢ ᠴᠢᠨᠠᠷᠲᠠᠢ ᠭᠡᠵᠦ ᠦᠵᠡᠪᠡ᠃ | ᠬᠤᠶᠠᠷ ᠲᠠᠯ᠎ᠠ ᠪᠠᠷ ᠢᠶᠠᠨ ᠣᠯᠣᠯᠴᠠᠭ᠎ᠠ ᠪᠠᠨ ᠦᠷᠭᠦᠯᠵᠢᠯᠡᠨ ᠪᠠᠲᠤᠯᠠᠵᠤ᠂ ᠬᠤᠶᠠᠷ ᠲᠠᠯ᠎ᠠ ᠶᠢᠨ ᠠᠵᠢᠯᠯᠠᠬᠤ ᠳᠤᠭᠤᠶᠢᠯᠠᠩ ᠢᠶᠠᠷ ︽ᠰᠠᠨ ᠹᠷᠠᠨᠰᠢᠰᠺᠤ ᠶᠢᠨ ᠬᠦᠰᠡᠯ | ᠪᠠᠷᠠᠯᠠᠯ︾ ᠢ ᠰᠠᠶᠢᠲᠤᠷ ᠨᠠᠶᠢᠳᠠᠪᠤᠷᠢᠵᠢᠭᠤᠯᠬᠤ ᠶᠢ ᠬᠠᠷᠢᠭᠤᠴᠠᠭᠤᠯᠵᠤ᠂ ᠭᠠᠳᠠᠭᠠᠳᠤ ᠬᠠᠷᠢᠯᠴᠠᠭ᠎ᠠ᠂ ᠠᠵᠤ ᠠᠬᠤᠢ᠂ ᠮᠥᠩᠭᠦᠨ ᠭᠦᠢᠯᠭᠡᠭᠡᠨ᠂ ᠬᠤᠳᠠᠯᠳᠤᠭᠠᠨ ᠤ | ᠶᠠᠪᠤᠳᠠᠯ ᠵᠡᠷᠭᠡ ᠬᠦᠷᠢᠶ᠎ᠡ ᠴᠠᠷᠠᠭ᠎ᠠ ᠳᠠᠬᠢ ᠵᠥᠪᠳᠡᠯᠴᠡᠬᠦ ᠲᠣᠭᠲᠠᠴᠠ ᠵᠢᠴᠢ ᠬᠤᠶᠠᠷ ᠤᠯᠤᠰ ᠤᠨ ᠴᠡᠷᠢᠭ ᠤᠨ ᠣᠯᠣᠯᠴᠠᠭ᠎ᠠ ᠶᠢ ᠠᠬᠢᠭᠤᠯᠵᠤ᠂ ᠬᠤᠣᠷ ᠴᠠᠭᠠᠵᠠᠯᠠᠬᠤ᠂ | ᠵᠣᠬᠢᠶᠠᠮᠠᠯ ᠤᠶᠤᠨ ᠴᠢᠳᠠᠪᠤᠷᠢ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠵᠡᠷᠭᠡ ᠬᠦᠷᠢᠶ᠎ᠡ ᠴᠠᠷᠠᠭ᠎ᠠ ᠳᠤ ᠶᠠᠷᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ | ᠴᠢᠨᠠᠭᠰᠢᠳᠠ ᠠᠷᠭ᠎ᠠ ᠬᠡᠮᠵᠢᠶ᠎ᠡ ᠠᠪᠴᠤ ᠬᠤᠶᠠᠷ ᠤᠯᠤᠰ ᠤᠨ ᠰᠣᠶᠣᠯ ᠢᠷᠭᠡᠨᠰᠢᠯ ᠤᠨ ᠰᠣᠯᠢᠯᠴᠠᠭ᠎ᠠ ᠶᠢ ᠥᠷᠭᠡᠳᠬᠡᠵᠦ᠂ ᠳᠡᠯᠡᠬᠡᠢ ᠶᠢᠨ ᠪᠠ ᠭᠠᠵᠠᠷ ᠣᠷᠣᠨ ᠤ | ᠠᠰᠠᠭᠤᠳᠠᠯ ᠤᠨ ᠲᠤᠬᠠᠢ ᠣᠯᠣᠯᠴᠠᠭ᠎ᠠ ᠪᠠᠨ ᠴᠢᠩᠭᠠᠳᠬᠠᠬᠤ ᠶᠢ ᠵᠥᠪᠰᠢᠶᠡᠷᠡᠪᠡ᠃ ᠳᠤᠮᠳᠠᠳᠤ ᠤᠯᠤᠰ ᠡᠳ᠋ ᠤᠨ ᠵᠠᠰᠠᠭ ᠤᠨ ᠶᠠᠮᠤᠨ ᠤ ᠰᠠᠶᠢᠳ ᠶᠧᠯᠤᠨ᠂ | ᠲᠦᠷᠦ ᠶᠢᠨ ᠶᠠᠪᠤᠳᠠᠯ ᠤᠨ ᠰᠠᠶᠢᠳ ᠪᠦᠯᠢᠨᠺᠧᠨ ᠤ ᠣᠶᠢᠷ᠎ᠠ ᠶᠢᠨ ᠬᠤᠭᠤᠴᠠᠭᠠᠨ ᠳᠤ ᠳᠤᠮᠳᠠᠳᠤ ᠤᠯᠤᠰ ᠲᠤ ᠠᠶᠢᠯᠴᠢᠯᠠᠬᠤ ᠶᠢ ᠪᠠᠶᠠᠷᠯᠠᠨ ᠤᠭᠲᠤᠵᠤ ᠪᠠᠶᠢᠨ᠎ᠠ᠃ | | | | | | | |