ᠬᠥ᠋ ᠶᠧ ᠨᠡᠶᠢᠭᠡᠮ ᠲᠣᠭᠤᠷᠢᠭ ︽ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ  ᠲᠠᠪᠤᠨ ᠰᠠᠷ᠎ᠠ ᠶᠢᠨ ᠨᠢᠭᠡᠨ ᠢ ᠪᠠᠶᠠᠷ ᠬᠥᠷ ᠲᠠᠢ ᠥᠩᠭᠡᠷᠡᠭᠦᠯᠬᠦ︾ ᠬᠥᠳᠡᠯᠮᠦᠷᠢᠴᠢᠳ ᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/30
      ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠪᠣᠯ ᠵᠢᠵᠢᠭ ᠪᠠᠯᠭᠠᠰᠤᠨ ᠤ ︽ᠵᠢᠰᠦ ᠭᠤᠶᠣᠯᠠᠭᠴᠢ︾᠂᡽ᠠᠮᠤᠷ ᠢ ᠬᠠᠮᠠᠭᠠᠯᠠᠭᠴᠢ ᠪᠣᠯ ᠰᠠᠭᠤᠭᠠᠯᠢ ᠠᠷᠠᠳ ᠤᠨ ᠠᠮᠢᠳᠤᠷᠠᠯ ᠤᠨ ᠠᠮᠤᠷ ᠲᠦᠪᠰᠢᠨ ᠳᠤ ᠪᠠᠲᠤᠯᠠᠭ᠎ᠠ ᠬᠠᠩᠭᠠᠭᠴᠢ ᠶᠤᠮ᠃ ᠡᠮᠦᠨ᠎ᠡ ᠹᠷᠣᠨᠲ ᠲᠤ ᠭᠠᠪᠰᠢᠭᠠᠶᠢᠯᠠᠨ ᠠᠵᠢᠯᠯᠠᠵᠤ ᠪᠠᠶᠢᠭ᠎ᠠ ᠲᠡᠳᠡᠨ ᠳᠤ ᠲᠠᠯᠠᠷᠬᠠᠬᠤ ᠪᠠᠷ ᠬᠥ᠋ ᠶᠧ ᠨᠡᠶᠢᠭᠡᠮ ᠲᠣᠭᠤᠷᠢᠭ ︽ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠲᠠᠪᠤᠨ ᠰᠠᠷ᠎ᠠ ᠶᠢᠨ ᠨᠢᠭᠡᠨ ᠢ ᠪᠠᠶᠠᠷ ᠬᠥᠷ ᠲᠠᠢ ᠥᠩᠭᠡᠷᠡᠭᠦᠯᠬᠦ︾ ᠬᠥᠳᠡᠯᠮᠦᠷᠢᠴᠢᠳ ᠢ ᠪᠣᠯᠭᠤᠭᠠᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠠᠷᠢᠶ᠎ᠠ ᠲᠣᠭᠤᠷᠢᠭ ᠤᠨ ᠢᠶᠠᠨ ᠡᠮᠦᠨ᠎ᠡ ᠹᠷᠣᠨᠲ ᠲᠤ ᠭᠠᠪᠰᠢᠭᠠᠶᠢᠯᠠᠨ ᠠᠵᠢᠯᠯᠠᠵᠤ ᠪᠠᠶᠢᠭ᠎ᠠ 30 ᠬᠥᠳᠡᠯᠮᠦᠷᠢᠴᠢᠨ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠦᠨ᠂ ᠲᠣᠬᠤᠨᠢᠭᠤᠯᠬᠤ ᠪᠣᠳᠠᠰ ᠬᠦᠷᠭᠡᠪᠡ᠃      ︽ᠪᠡᠯᠡᠭ ᠥᠭᠴᠦ ᠪᠣᠯᠭᠤᠭᠠᠨ ᠲᠣᠬᠤᠨᠢᠭᠤᠯᠤᠭᠰᠠᠨ ᠨᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠪᠣᠯᠣᠭᠰᠠᠨ ᠪᠢᠳᠠᠨ ᠳᠤ ᠮᠠᠰᠢ ᠵᠢᠷᠭᠠᠯᠲᠠᠢ ᠬᠠᠯᠠᠭᠤᠨ ᠳᠤᠯᠠᠭᠠᠨ ᠰᠠᠨᠠᠭᠳᠠᠵᠤ ᠪᠠᠶᠢᠨ᠎ᠠ︾ ᠭᠡᠵᠦ ᠨᠡᠶᠢᠭᠡᠮ ᠲᠣᠭᠤᠷᠢᠭ ᠠᠴᠠ ᠥᠭᠭᠦᠭᠰᠡᠨ ᠲᠣᠬᠤᠨᠢᠭᠤᠯᠬᠤ ᠪᠣᠳᠠᠰ ᠢ ᠠᠪᠤᠭᠰᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠯᠢᠦ ᠠᠪᠤᠭᠠᠢ ᠬᠡᠯᠡᠵᠦ ᠪᠠᠶᠢᠯ᠎ᠠ᠃      ᠲᠤᠰ ᠤᠳᠠᠭᠠᠨ ᠤ ᠰᠠᠶᠢᠨ ᠳᠤᠷ᠎ᠠ ᠶᠢᠨ ᠠᠵᠢᠯᠯᠠᠭ᠎ᠠ ᠨᠢ ᠠᠷᠠᠳ ᠤᠨ ᠰᠡᠳᠬᠢᠯ ᠢ ᠨᠢᠭᠲᠠᠷᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ  ᠶᠢ ᠪᠠᠳᠠᠷᠠᠭᠤᠯᠤᠨ᠂ ᠢᠳᠡᠪᠬᠢ ᠬᠦᠴᠦᠨ ᠢ ᠳᠠᠮᠵᠢᠭᠤᠯᠪᠠ᠃ 
ᠢᠷᠡᠯᠲᠡ᠄ ᠴᠢ ᠫᠠᠨ ᠵᠢᠩ ᠪᠠᠯᠭᠠᠰᠤ