ᠤᠯᠠᠭᠠᠨᠪᠠᠯᠭᠠᠰᠤ ᠲᠠᠪᠤᠨ ᠰᠠᠷ᠎ᠠ ᠶᠢᠨ ᠨᠢᠭᠡᠨ ᠤ ᠪᠠᠶᠠᠷ ᠠᠴᠠ ᠡᠮᠦᠨᠡᠬᠢ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/4/30
      ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠨ ᠬᠤᠷᠢᠭᠯᠠᠵᠤ᠂ ︽5 · 1︾ ᠤ ᠬᠤᠭᠤᠴᠠᠭᠠᠨ ᠤ ᠪᠠᠯᠭᠠᠰᠤᠨ ᠤ ᠠᠮᠤᠷ ᠲᠦᠪᠰᠢᠨ ᠤ ᠪᠠᠶᠢᠳᠠᠯ ᠤᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠪᠠᠲᠤᠯᠠᠨ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠬᠠᠮᠠᠭᠠᠯᠠᠵᠤ᠂ ᠠᠷᠠᠳ ᠣᠯᠠᠨ ᠤ ᠠᠮᠤᠷ ᠲᠦᠪᠰᠢᠨ ᠤ  ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠶᠢᠨ ᠲᠤᠰᠠᠳᠠ᠂ 4 ᠳ᠋ᠦ᠋ᠭᠡᠷ ᠰᠠᠷ᠎ᠠ ᠶᠢᠨ 29 ᠤ ᠡᠳᠦᠷ᠂ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠠᠩᠭᠢ ᠳᠠᠭᠠᠭᠤᠯᠤᠨ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠤᠯᠠᠭᠠᠨᠪᠠᠯᠭᠠᠰᠤᠨ ᠤ ᠭᠠᠯ ᠤᠨᠲᠠᠷᠠᠭᠠᠬᠤ ᠪᠠᠶᠢᠴᠠᠭᠠᠨ ᠵᠢᠯᠤᠭᠤᠳᠬᠤ ᠲᠥᠪ᠂ ᠤᠯᠠᠭᠠᠨᠪᠠᠯᠭᠠᠰᠤᠨ ᠤ ᠲᠣᠮᠢᠯᠠᠭᠰᠠᠨ ᠰᠠᠯᠪᠤᠷᠢ᠂ ᠤᠯᠠᠭᠠᠨᠪᠠᠯᠭᠠᠰᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠲᠠᠢ ᠬᠠᠮᠲᠤᠷᠠᠨ ᠪᠥᠬᠦ ᠪᠠᠯᠭᠠᠰᠤᠨ ᠳᠤ ᠠᠮᠤᠷ ᠲᠦᠪᠰᠢᠨ ᠤ ᠳᠠᠯᠳᠠ ᠬᠡᠮ ᠤᠨ ᠶᠡᠭᠡ ᠪᠠᠶᠢᠴᠠᠭᠠᠯᠲᠠ ᠶᠢᠨ ᠠᠵᠢᠯᠯᠠᠭ᠎ᠠ ᠥᠷᠨᠢᠭᠦᠯᠪᠡ᠃      ᠬᠠᠷᠢᠶ᠎ᠠ ᠣᠷᠣᠨ ᠳᠣᠲᠣᠷᠠᠬᠢ ᠵᠣᠴᠢᠳ ᠤᠨ ᠪᠠᠭᠤᠳᠠᠯ᠂ ᠲᠣᠰᠣ ᠨᠡᠮᠡᠬᠦ ᠥᠷᠲᠡᠭᠡ᠂ ᠵᠡᠭᠡᠯᠢ ᠳᠠᠭᠠᠤ ᠡᠭᠦᠳᠡᠨ ᠳᠡᠯᠭᠡᠭᠦᠷ᠂ ᠰᠠᠭᠤᠭᠠᠯᠢ ᠲᠣᠭᠤᠷᠢᠭ ᠵᠡᠷᠭᠡ ᠬᠥᠮᠥᠨ ᠣᠯᠠᠨ ᠴᠤᠭᠯᠠᠷᠠᠭᠰᠠᠨ ᠲᠠᠯᠠᠪᠤᠷ ᠲᠤ ᠭᠤᠣᠯᠳᠠᠯᠭ᠎ᠠ ᠲᠠᠢ ᠪᠠᠷ ᠪᠠᠶᠢᠴᠠᠭᠠᠯᠲᠠ ᠬᠢᠪᠡ᠃ ᠡᠯ᠎ᠡ ᠲᠥᠷᠥᠯ ᠤᠨ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠨᠢ ᠪᠦᠷᠢᠨ ᠪᠦᠲᠦᠨ ᠪᠥᠭᠡᠳ ᠪᠦᠲᠦᠮᠵᠢᠲᠡᠶ ᠪᠠᠶᠢᠬᠤ ᠡᠰᠡᠬᠦ  ᠬᠦᠮᠦᠰ ᠢ ᠲᠠᠷᠬᠠᠭᠠᠬᠤ ᠵᠠᠮ ᠨᠢ ᠰᠠᠭᠠᠳ ᠦᠭᠡᠢ ᠨᠡᠪᠲᠡᠷᠡᠵᠦ ᠪᠠᠶᠢᠬᠤ ᠡᠰᠡᠬᠦ᠂ ᠠᠵᠢᠯ ᠡᠷᠬᠢᠯᠡᠭᠰᠡᠳ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠴᠤ ᠪᠠᠶᠢᠬᠤ ᠡᠰᠡᠬᠦ᠂ ᠠᠮᠤᠷ ᠲᠦᠪᠰᠢᠨ ᠤ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ᠂ ᠪᠠᠴᠢᠮ ᠪᠠᠶᠢᠳᠠᠯ ᠢ ᠠᠷᠭᠠᠴᠠᠭᠠᠨ ᠵᠢᠵᠢᠭᠦᠷᠯᠡᠬᠦ ᠳᠦᠷᠢᠮ ᠢ ᠨᠠᠶᠢᠳᠠᠪᠤᠷᠢᠵᠢᠭᠤᠯᠤᠭᠰᠠᠨ ᠡᠰᠡᠬᠦ ᠵᠡᠷᠭᠡ ᠠᠵᠢᠯ ᠢ ᠨᠠᠷᠢᠨ ᠪᠠᠶᠢᠴᠠᠭᠠᠨ᠂ ᠨᠡᠶᠢᠲᠡ 11 ᠵᠦᠢᠯ ᠤᠨ ᠠᠮᠤᠷ ᠲᠦᠪᠰᠢᠨ ᠤ ᠳᠠᠯᠳᠠ ᠬᠡᠮ ᠢ ᠪᠠᠶᠢᠴᠠᠭᠠᠨ ᠭᠠᠷᠭᠠᠵᠤ᠂ 3 ᠵᠦᠢᠯ ᠤᠨ ᠠᠮᠤᠷ ᠲᠦᠪᠰᠢᠨ ᠤ ᠳᠠᠯᠳᠠ ᠬᠡᠮ ᠢ ᠳᠣᠣᠷ᠎ᠠ ᠨᠢ ᠠᠷᠢᠯᠭᠠᠨ᠂ ᠪᠤᠰᠤᠳ ᠠᠮᠤᠷ ᠲᠦᠪᠰᠢᠨ ᠤ ᠳᠠᠯᠳᠠ ᠬᠡᠮ ᠢ 3 ᠡᠳᠦᠷ ᠤᠨ ᠳᠣᠲᠣᠷ᠎ᠠ ᠴᠡᠭᠴᠡᠯᠡᠨ ᠠᠷᠢᠯᠭᠠᠬᠤ ᠪᠠᠷ ᠵᠠᠷᠯᠢᠭᠳᠠᠪᠠ᠃ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠣᠳᠠᠲᠠᠢ ᠨᠠᠶᠢᠳᠠᠪᠤᠷᠢᠵᠢᠭᠤᠯᠵᠤ᠂ ᠪᠠᠶᠠᠷ ᠤᠨ ᠡᠳᠦᠷ ᠠᠴᠠ ᠡᠮᠦᠨᠡᠬᠢ ᠭᠤᠣᠯᠳᠠᠯᠭ᠎ᠠ ᠲᠠᠢ ᠲᠠᠯᠠᠪᠤᠷ ᠤᠨ ᠠᠮᠤᠷ ᠲᠦᠪᠰᠢᠨ ᠤ ᠳᠠᠯᠳᠠ ᠬᠡᠮ ᠢ ᠦᠨᠡᠨᠬᠦ ᠠᠷᠢᠯᠭᠠᠨ᠂ ᠪᠠᠶᠠᠷ ᠤᠨ ᠡᠳᠦᠷ ᠠᠴᠠ ᠡᠮᠦᠨᠡᠬᠢ ᠠᠮᠤᠷ ᠲᠦᠪᠰᠢᠨ ᠤ ᠪᠣᠭᠤᠮᠲᠠ ᠶᠢ ᠪᠠᠲᠤ ᠰᠠᠬᠢᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤᠳᠬᠠᠪᠠ᠃      ᠪᠠᠶᠢᠴᠠᠭᠠᠬᠤ ᠶᠠᠪᠤᠴᠠ ᠳᠤ ᠠᠵᠢᠯᠲᠠᠳ ᠠᠶᠤᠯ ᠦᠭᠡᠢ ᠦᠢᠯᠡᠳᠪᠦᠷᠢᠯᠡᠯ ᠤᠨ ᠶᠡᠷᠦ ᠶᠢᠨ ᠮᠡᠳᠡᠯᠭᠡ ᠶᠢ ᠦᠷᠭᠦᠯᠵᠢᠯᠡᠨ ᠤᠬᠠᠭᠤᠯᠵᠤ᠂ ᠠᠶᠤᠯ ᠦᠭᠡᠢ ᠶᠢᠨ ᠮᠡᠳᠡᠯᠭᠡ ᠶᠢ ᠰᠠᠶᠢᠲᠤᠷ ᠲᠦᠭᠡᠮᠡᠯᠵᠢᠭᠦᠯᠦᠨ᠂ ᠣᠯᠠᠨ ᠲᠦᠮᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃ ᠲᠣᠰ ᠤᠳᠠᠭᠠᠨ ᠤ ᠶᠡᠭᠡ ᠪᠠᠶᠢᠴᠠᠭᠠᠯᠲᠠ ᠪᠠ ᠠᠮᠤᠷ ᠲᠦᠪᠰᠢᠨ ᠤ ᠮᠡᠳᠡᠯᠭᠡ ᠶᠢᠨ ᠲᠦᠭᠡᠮᠡᠯᠵᠢᠭᠦᠯᠦᠯᠲᠡ ᠪᠠᠷ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠥᠪᠡᠷ ᠢ ᠪᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠪᠡ᠃ ᠬᠤᠶᠢᠰᠢᠳᠠ᠂ ᠮᠠᠨ ᠤ ᠪᠠᠯᠭᠠᠰᠤ ᠬᠠᠤᠯᠢ ᠬᠡᠷᠡᠭᠵᠢᠭᠦᠯᠵᠦ ᠪᠠᠶᠢᠴᠠᠭᠠᠬᠤ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠨ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠡᠯ᠎ᠡ ᠵᠦᠢᠯ ᠤᠨ ᠳᠦᠷᠢᠮ ᠲᠣᠭᠲᠠᠭᠠᠯ ᠢ ᠲᠣᠭᠲᠠᠭᠠᠵᠤ ᠲᠡᠭᠦᠯᠳᠡᠷᠵᠢᠭᠦᠯᠦᠨ᠂ ᠠᠶᠤᠯ ᠦᠭᠡᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠪᠠᠨ ᠴᠢᠨᠠᠭᠰᠢᠳᠠ ᠰᠠᠶᠢᠵᠢᠷᠠᠭᠤᠯᠵᠤ᠂ ᠣᠨᠴᠠ ᠬᠦᠨᠳᠦ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠨ᠎ᠠ᠃ 
ᠢᠷᠡᠯᠲᠡ᠄ ᠤᠯᠠᠭᠠᠨᠪᠠᠯᠭᠠᠰᠤ