ᠮᠧᠩ ᠰᠢ ᠪᠠᠯᠭᠠᠰᠤ ᠲᠡᠵᠢᠭᠡᠨ ᠦᠷᠡᠵᠢᠭᠦᠯᠬᠦ ᠦᠢᠯᠡᠰ ᠤᠨ ᠪᠦᠲᠦᠴᠡ ᠶᠢ ᠲᠦᠷᠭᠡᠨ ᠰᠢᠯᠢᠳᠡᠭᠵᠢᠭᠦᠯᠵᠦ  ᠮᠠᠯ ᠪᠡᠯᠴᠢᠭᠡᠷ ᠤᠨ ᠲᠡᠩᠴᠡᠭᠦᠷᠢ ᠶᠢ ᠠᠬᠢᠭᠤᠯᠤᠨ ᠬᠤᠶᠠᠷ ᠲᠠᠯ᠎ᠠ ᠪᠠᠷ ᠢᠶᠠᠨ ᠠᠰᠢᠭ ᠭᠥᠷᠳᠡᠬᠦ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2024/4/30
      ᠮᠧᠩ ᠰᠢ ᠪᠠᠯᠭᠠᠰᠤ ᠠᠴᠠ ᠰᠤᠬᠠᠶᠢᠲᠤ ᠭᠠᠴᠠᠭ᠎ᠠ ᠳᠤ ︽ᠪᠡᠯᠴᠢᠭᠡᠷᠯᠡᠭᠦᠯᠬᠦ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠵᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ︾ ᠠᠵᠢᠯ ᠤᠨ ᠰᠠᠭᠤᠳᠠᠯ ᠤᠨ ᠬᠤᠷᠠᠯ ᠬᠤᠷᠠᠯᠳᠤᠭᠤᠯᠵᠤ᠂ ᠣᠶᠢᠷ᠎ᠠ ᠶᠢᠨ ᠬᠤᠭᠤᠴᠠᠭᠠᠨ ᠤ ︽ᠪᠡᠯᠴᠢᠭᠡᠷᠯᠡᠭᠦᠯᠬᠦ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠵᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ︾ ᠭᠤᠣᠯᠳᠠᠯᠭ᠎ᠠ ᠲᠠᠢ ᠠᠵᠢᠯ ᠵᠢᠴᠢ ᠲᠡᠵᠢᠭᠡᠨ ᠦᠷᠡᠵᠢᠭᠦᠯᠬᠦ ᠦᠢᠯᠡᠰ ᠤᠨ ᠪᠦᠲᠦᠴᠡ ᠶᠢ ᠲᠦᠷᠭᠡᠨ ᠰᠢᠯᠢᠳᠡᠭᠵᠢᠭᠦᠯᠬᠦ ᠠᠬᠢᠴᠠ ᠶᠢᠨ ᠲᠤᠬᠠᠢ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃ ᠬᠤᠷᠠᠯ ᠳᠡᠭᠡᠷ᠎ᠡ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠪᠢ ᠬᠥᠮᠥᠨ ᠤ ᠡᠭᠦᠷᠭᠡ ᠶᠢ ᠲᠣᠳᠣᠷᠬᠠᠶᠢᠯᠠᠪᠠ᠃ ᠪᠠᠯᠭᠠᠰᠤᠨ ᠤ ᠵᠠᠰᠠᠭ ᠤᠨ ᠣᠷᠳᠣᠨ ᠤ ᠬᠤᠪᠢᠶᠠᠨ ᠬᠠᠮᠢᠶᠠᠷᠬᠤ ᠤᠳᠤᠷᠢᠳᠤᠯᠭ᠎ᠠ᠂ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ᠂ ᠳᠥᠷᠪᠡᠨ ᠮᠠᠯᠵᠢᠬᠤ ᠭᠠᠴᠠᠭᠠᠨ ᠤ ︽ᠭᠤᠷᠪᠠᠨ ᠵᠥᠪᠯᠡᠯ︾ ᠤᠨ ᠬᠠᠷᠢᠭᠤᠴᠠᠯᠭᠠᠲᠠᠨ ᠰᠠᠭᠤᠳᠠᠯ ᠤᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠡᠯ᠎ᠡ ᠭᠠᠴᠠᠭ᠎ᠠ ᠲᠣᠰᠪᠣᠷᠢ ᠠᠵᠤ ᠦᠢᠯᠡᠰ ᠤᠨ ᠣᠳᠣᠬᠢ ᠪᠠᠶᠢᠳᠠᠯ ᠠᠴᠠ ᠡᠭᠦᠰᠴᠦ᠂ ᠲᠡᠵᠢᠭᠡᠨ ᠦᠷᠡᠵᠢᠭᠦᠯᠬᠦ ᠦᠢᠯᠡᠰ ᠤᠨ ᠪᠦᠲᠦᠴᠡ ᠶᠢ ᠬᠡᠷᠬᠢᠨ ᠲᠣᠬᠢᠷᠠᠭᠤᠯᠵᠤ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠶᠢ ᠠᠬᠢᠭᠤᠯᠬᠤ᠂ ᠤᠯᠠᠨ ᠲᠦᠮᠡᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠠᠰᠠᠭᠤᠳᠠᠯ ᠤᠨ ᠲᠣᠭᠤᠷᠢᠨ ᠳᠤ ᠶᠠᠷᠢᠯᠴᠠᠭ᠎ᠠ ᠬᠢᠵᠦ᠂ ᠤᠯᠠᠨ ᠤ ᠰᠠᠨᠠᠯ ᠢ ᠬᠤᠷᠢᠶᠠᠨ ᠳᠠᠶᠠᠭᠠᠷ ᠤᠨ ᠤᠬᠠᠭᠠᠨ ᠢ ᠲᠥᠪᠯᠡᠷᠡᠭᠦᠯᠵᠦ᠂ ᠴᠢᠯᠦᠭᠡᠲᠡᠢ ᠶᠠᠷᠢᠯᠴᠠᠨ᠂ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠰᠡᠳᠬᠢᠴᠡ ᠶᠢ ᠬᠠᠮᠲᠤ ᠪᠠᠷ ᠰᠦᠪᠡᠭᠴᠢᠯᠡᠪᠡ᠃      ᠨᠢᠭᠡ ᠳᠤ ᠭᠤᠣᠯ ᠰᠢᠪᠲᠤᠯᠤᠯᠲᠠ ᠶᠢᠨ ᠴᠢᠭᠯᠡᠯ ᠢ ᠡᠵᠡᠮᠳᠡᠵᠦ᠂ ᠬᠥᠭᠵᠢᠯᠲᠡ ᠶᠢᠨ ᠲᠦᠪᠰᠢᠨ ᠢᠶᠠᠨ ᠳᠡᠭᠡᠭᠰᠢᠯᠡᠭᠦᠯᠦᠨ᠎ᠡ᠃ ᠲᠡᠵᠢᠭᠡᠨ ᠦᠷᠡᠵᠢᠭᠦᠯᠬᠦ ᠦᠢᠯᠡᠰ ᠤᠨ ᠪᠦᠲᠦᠴᠡ ᠶᠢ ᠲᠣᠬᠢᠷᠠᠭᠤᠯᠬᠤ ᠶᠢ ᠢᠮᠠᠭᠲᠠ ᠭᠤᠣᠯᠳᠠᠯᠭ᠎ᠠ ᠲᠠᠢ ᠠᠭᠤᠯᠭ᠎ᠠ ᠪᠣᠯᠭᠠᠵᠤ᠂ ᠠᠰᠢᠭᠲᠠᠢ ᠡᠬᠢ ᠪᠠᠶᠠᠯᠢᠭ ᠤᠨ ᠳᠠᠪᠠᠭᠤᠯᠢᠭ ᠲᠠᠢ ᠤᠶᠠᠯᠳᠤᠭᠤᠯᠤᠨ᠂ ᠣᠨᠴᠠᠯᠢᠭ ᠲᠤ ᠲᠣᠭᠤᠷᠢᠭᠤᠯᠵᠤ ᠭᠤᠣᠯᠳᠠᠯᠭ᠎ᠠ ᠲᠠᠢ ᠰᠢᠪᠲᠤᠯᠤᠯᠲᠠ ᠬᠢᠵᠦ᠂ ︽  ᠬᠠᠮᠲᠤᠷᠠᠨ ᠬᠥᠭᠵᠢᠭᠦᠯᠵᠦ᠂ ᠬᠤᠯᠪᠤᠭᠠᠯᠠᠨ ᠪᠤᠵᠠᠭᠠᠶᠢᠷᠠᠭᠤᠯᠤᠨ︾᠂ ᠠᠷᠪᠠᠰ ᠤᠨ ᠴᠠᠭᠠᠨ ᠢᠮᠠᠭ᠎ᠠ᠂ ᠬᠠᠷ᠎ᠠ ᠡᠯᠵᠢᠭᠡᠨ ᠤ ᠠᠵᠤ ᠦᠢᠯᠡᠰ ᠤᠨ ᠬᠤᠯᠪᠤᠭᠠᠯᠠᠨ ᠬᠥᠭᠵᠢᠬᠦ ᠵᠢᠴᠢ ᠲᠣᠮᠣ ᠬᠡᠯᠪᠡᠷᠢ ᠶᠢᠨ ᠲᠡᠵᠢᠭᠡᠨ ᠦᠷᠡᠵᠢᠭᠦᠯᠬᠦ ᠲᠠᠯᠠᠪᠠᠶ ᠶᠢᠨ ᠨᠠᠶᠢᠳᠠᠨ ᠬᠠᠮᠢᠶᠠᠷᠤᠭᠤᠯᠬᠤ ᠵᠠᠭᠪᠤᠷ ᠢ ᠰᠠᠶᠢᠲᠤᠷ ᠬᠢᠬᠦ ᠶᠢᠨ ᠬᠠᠮᠲᠤ᠂ ᠠᠵᠤ ᠦᠢᠯᠡᠰ ᠤᠨ ᠬᠥᠭᠵᠢᠯᠲᠡ ᠶᠢᠨ ᠠᠷᠭ᠎ᠠ ᠵᠠᠮ ᠢ ᠥᠷᠭᠡᠳᠬᠡᠨ᠂ ᠠᠵᠤ ᠦᠢᠯᠡᠰ ᠢ ᠭᠦᠨᠵᠡᠭᠡᠢ ᠨᠠᠷᠢᠯᠢᠭ ᠪᠣᠯᠪᠠᠰᠤᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠦᠢᠯᠡᠳᠬᠦᠨ ᠤ ᠨᠡᠮᠡᠯᠲᠡ ᠥᠷᠲᠡᠭ ᠢ ᠨᠡᠮᠡᠭᠳᠡᠭᠦᠯᠦᠨ᠎ᠡ᠃ ᠲᠣᠮᠣ ᠬᠡᠯᠪᠡᠷᠢ ᠶᠢᠨ ᠠᠵᠤ ᠠᠬᠤᠶᠢᠯᠠᠯ ᠯᠤᠭ᠎ᠠ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠬᠢᠵᠦ᠂ ᠮᠠᠯᠴᠢᠨ ᠲᠠᠷᠢᠶᠠᠴᠢᠨ ᠤ ᠦᠢᠯᠡᠳᠪᠦᠷᠢᠯᠡᠯ ᠠᠵᠤ ᠠᠬᠤᠢ ᠶᠢᠨ ᠣᠷᠣᠯᠭ᠎ᠠ ᠶᠢ ᠣᠯᠠᠨ ᠠᠷᠭ᠎ᠠ ᠵᠠᠮ᠂ ᠣᠯᠠᠨ ᠠᠷᠭ᠎ᠠ ᠬᠡᠯᠪᠡᠷᠢ ᠪᠠᠷ  ᠨᠡᠮᠡᠭᠳᠡᠭᠦᠯᠦᠨ᠂ ᠪᠡᠯᠴᠢᠭᠡᠷ ᠢ ᠡᠭᠦᠷᠢᠳᠡ ᠦᠷᠭᠦᠯᠵᠢᠯᠡᠨ ᠠᠰᠢᠭᠯᠠᠬᠤ ᠶᠢ ᠦᠨᠡᠨᠬᠦ ᠪᠠᠲᠤᠯᠠᠨ᠎ᠠ᠃      ᠬᠤᠶᠠᠷ ᠲᠤ ᠳᠠᠷᠢᠵᠤ ᠲᠡᠵᠢᠭᠡᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠠᠮᠢ ᠠᠬᠤᠢ ᠶᠢᠨ ᠡᠷᠭᠢᠯᠲᠡ ᠶᠢ ᠬᠥᠭᠵᠢᠭᠡᠨ᠎ᠡ᠃ ︽ᠮᠠᠯ ᠪᠡᠯᠴᠢᠭᠡᠷ ᠢ ᠤᠶᠠᠯᠳᠤᠭᠤᠯᠤᠨ᠂ ᠡᠷᠭᠢᠯᠳᠦᠭᠦᠯᠦᠨ ᠬᠥᠭᠵᠢᠭᠦᠯᠬᠦ︾ ᠰᠢᠨ᠎ᠡ ᠬᠡᠯᠪᠡᠷᠢ ᠶᠢᠨ ᠳᠠᠷᠢᠵᠤ ᠲᠡᠵᠢᠭᠡᠬᠦ ᠲᠣᠭᠲᠠᠴᠠ ᠶᠢ ᠪᠠᠶᠢᠭᠤᠯᠤᠨ᠎ᠠ᠃ ᠳᠠᠷᠢᠬᠤ ᠮᠡᠷᠭᠡᠵᠢᠯ ᠢ ᠰᠢᠯᠢᠳᠡᠭᠵᠢᠭᠦᠯᠵᠦ᠂ ᠲᠡᠵᠢᠭᠡᠯ ᠡᠪᠡᠰᠦᠨ ᠤ ᠲᠥᠷᠥᠯ ᠵᠦᠢᠯ ᠢ ᠨᠡᠮᠡᠭᠳᠡᠭᠦᠯᠦᠨ᠂ ᠲᠡᠵᠢᠭᠡᠯ ᠡᠪᠡᠰᠦ ᠪᠣᠷᠳᠤᠭ᠎ᠠ ᠶᠢ ᠨᠠᠷᠢᠯᠢᠭᠵᠢᠭᠤᠯᠤᠨ ᠪᠣᠯᠪᠠᠰᠤᠷᠠᠭᠤᠯᠬᠤ ᠶᠢ ᠠᠯᠬᠤᠮ ᠠᠯᠬᠤᠮ ᠢᠶᠠᠷ ᠬᠥᠭᠵᠢᠭᠦᠯᠵᠦ᠂ ᠠᠯᠠᠰᠢᠨ ᠬᠤᠨᠢ ᠪᠠᠷ ᠲᠡᠵᠢᠭᠡᠯ ᠡᠪᠡᠰᠦ ᠪᠣᠷᠳᠤᠭ᠎ᠠ ᠰᠣᠯᠢᠬᠤ ᠵᠠᠮ ᠢ ᠰᠦᠪᠡᠭᠴᠢᠯᠡᠨ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠤᠨ᠎ᠠ᠃ ᠨᠥᠬᠦᠪᠦᠷᠢᠯᠡᠬᠦ ᠲᠡᠵᠢᠭᠡᠯ ᠪᠣᠷᠳᠤᠭ᠎ᠠ ᠶᠢᠨ ᠲᠤᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠨᠡᠮᠡᠭᠳᠡᠭᠦᠯᠵᠦ᠂ ᠪᠡᠯᠴᠢᠭᠡᠷ ᠲᠤ ᠪᠡᠯᠴᠢᠭᠡᠷᠯᠡᠭᠦᠯᠬᠦ ᠴᠠᠭ ᠢ ᠣᠬᠤᠷᠳᠠᠭᠤᠯᠤᠨ᠂ ︽ᠪᠡᠯᠴᠢᠭᠡᠷᠯᠡᠭᠦᠯᠬᠦ ᠪᠠ ᠠᠲᠠᠷ ᠬᠠᠭᠠᠯᠪᠤᠷᠢᠯᠠᠬᠤ ᠶᠢ ᠴᠠᠭᠠᠵᠠᠯᠠᠵᠤ ᠮᠠᠯ ᠪᠡᠯᠴᠢᠭᠡᠷ ᠢ ᠲᠡᠩᠴᠡᠭᠦᠷᠢᠲᠡᠢ ᠪᠠᠶᠢᠯᠭᠠᠬᠤ︾ ᠡᠯ᠎ᠡ ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠭᠦᠢᠴᠡᠳ ᠬᠡᠷᠡᠭᠯᠡᠬᠦ ᠶᠢ ᠦᠨᠡᠨᠬᠦ ᠪᠠᠲᠤᠯᠠᠨ᠎ᠠ᠃      ᠭᠤᠷᠪᠠ ᠳᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠨ᠎ᠡ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠪᠣᠳᠠᠲᠠᠢ ᠠᠷᠭ᠎ᠠ ᠬᠡᠮᠵᠢᠶ᠎ᠡ ᠠᠪᠴᠤ᠂ ᠮᠠᠯ ᠪᠡᠯᠴᠢᠭᠡᠷ ᠤᠨ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠠᠷ ᠠᠵᠠ ᠲᠣᠬᠢᠶᠠᠯ ᠪᠣᠯᠭᠠᠨ᠂ ᠲᠡᠵᠢᠭᠡᠨ ᠦᠷᠡᠵᠢᠭᠦᠯᠬᠦ ᠦᠢᠯᠡᠰ ᠤᠨ ᠰᠢᠨ᠎ᠡ ᠡᠭᠦᠯᠳᠡᠷ ᠢ ᠰᠠᠶᠢᠵᠢᠷᠠᠭᠤᠯᠬᠤ ᠠᠵᠢᠯ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠪᠥᠬᠦ ᠪᠠᠯᠭᠠᠰᠤᠨ ᠤ ᠮᠠᠯ ᠤᠨ ᠡᠭᠦᠯᠳᠡᠷ ᠢ ᠰᠠᠶᠢᠵᠢᠷᠠᠭᠤᠯᠬᠤ ᠠᠬᠢᠴᠠ ᠶᠢ ᠲᠦᠷᠭᠡᠳᠬᠡᠨ᠂ ᠬᠤᠷᠰᠢᠶᠠᠵᠢᠯ᠂ ᠮᠠᠯᠴᠢᠨ ᠲᠠᠷᠢᠶᠠᠴᠢᠨ ᠡᠷᠦᠬᠡ ᠶᠢᠨ ᠳᠤᠮᠳᠠ ᠭᠦᠨᠵᠡᠭᠡᠶᠢᠷᠡᠨ ᠲᠡᠵᠢᠭᠡᠨ ᠦᠷᠡᠵᠢᠭᠦᠯᠬᠦ ᠲᠣᠮᠣ ᠡᠷᠦᠬᠡ᠂ ᠲᠠᠷᠠᠬᠠᠢ ᠪᠤᠲᠠᠷᠬᠠᠢ ᠲᠡᠵᠢᠭᠡᠵᠦ ᠪᠠᠶᠢᠭ᠎ᠠ ᠡᠷᠦᠬᠡ ᠳᠤ ᠡᠭᠦᠯᠳᠡᠷ ᠰᠠᠶᠢᠵᠢᠷᠠᠭᠤᠯᠬᠤ ᠳᠠᠪᠠᠭᠤᠯᠢᠭ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠠᠷᠠᠴᠢᠯᠠᠬᠤ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠰᠢᠨ᠎ᠡ ᠡᠭᠦᠯᠳᠡᠷ ᠢ ᠰᠠᠶᠢᠵᠢᠷᠠᠭᠤᠯᠬᠤ ᠠᠵᠢᠯ ᠢ ᠤᠯᠠᠮ ᠨᠢᠭᠡ ᠠᠯᠬᠤᠮ ᠲᠦᠷᠭᠡᠳᠬᠡᠨ᠎ᠡ᠃   
ᠢᠷᠡᠯᠲᠡ᠄ ᠮᠧᠩ ᠰᠢ ᠪᠠᠯᠭᠠᠰᠤ