ᠣᠳᠣᠨᠭᠡᠷᠡᠯ
ᠨᠡᠶᠢᠲᠡᠯᠡᠭᠰᠡᠨ ᠴᠠᠭ᠄
2024/4/30
      ᠣᠳᠣᠨᠭᠡᠷᠡᠯ᠄ ᠮᠣᠩᠭᠤᠯ ᠦᠨᠳᠦᠰᠦᠲᠡᠨ᠂ ᠡᠮᠡᠭᠲᠡᠢ᠂ 1954 ᠣᠨ ᠳᠤ ᠰᠦᠮᠡᠲᠦ ᠰᠤᠮᠤᠨ ᠳᠤ ᠲᠥᠷᠦᠵᠡᠢ᠃ 1975 ᠣᠨ ᠳᠤ ᠶᠡᠭᠡ ᠵᠣᠣ ᠠᠶᠢᠮᠠᠭ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠤᠰᠬᠠᠢ ᠠᠩᠭᠢ ᠠᠴᠠ ᠲᠡᠭᠦᠰᠴᠦ᠂ ᠰᠦᠮᠡᠲᠦ ᠪᠠᠭ᠎ᠠ ᠰᠤᠷᠭᠠᠭᠤᠯᠢ ᠳᠤ ᠬᠤᠪᠢᠶᠠᠷᠢᠯᠠᠭᠳᠠᠵᠤ᠂ 1977 ᠣᠨ ᠳᠤ ᠬᠤᠰᠢᠭᠤ ᠮᠣᠩᠭᠤᠯ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠰᠢᠯᠵᠢᠨ ᠪᠠᠭᠰᠢᠯᠠᠵᠠᠢ᠃ 1991 — 1999 ᠣᠨ ᠬᠦᠷᠲᠡᠯ᠎ᠡ ᠤᠷᠢᠳ ᠬᠤᠵᠢᠳ ᠥᠪᠡᠷᠲᠡᠭᠡᠨ ᠵᠠᠰᠠᠬᠤ ᠣᠷᠣᠨ ᠤ ᠰᠢᠯᠢᠳᠡᠭ ᠠᠩᠭᠢ ᠶᠢᠨ ᠡᠷᠬᠢᠯᠡᠭᠴᠢ᠂ ᠠᠶᠢᠮᠠᠭ ᠣᠷᠣᠨ ᠲᠡᠰ ᠤᠨ ᠰᠢᠯᠢᠳᠡᠭ ᠪᠠᠭᠰᠢ᠂ ᠠᠶᠢᠮᠠᠭ ᠤᠨ ᠲᠡᠰ ᠤᠨ ᠰᠢᠯᠢᠳᠡᠭ ᠵᠠᠯᠠᠭᠤ ᠪᠠᠭᠰᠢ᠂ ᠪᠦᠬᠦ ᠤᠯᠤᠰ ᠤᠨ ᠰᠤᠷᠭᠠᠨ ᠬᠥᠮᠥᠵᠢᠯ ᠤᠨ ᠰᠢᠰᠲ᠋ᠧᠮ ᠤᠨ ᠬᠥᠳᠡᠯᠮᠦᠷᠢ ᠶᠢᠨ ᠵᠢᠱᠢᠶᠡᠴᠢ ᠪᠠᠷ ᠰᠣᠩᠭᠤᠭᠳᠠᠵᠤ᠂ ᠪᠦᠬᠦ ᠤᠯᠤᠰ ᠤᠨ ᠵᠢᠱᠢᠶᠡᠴᠢ ᠪᠠᠭᠰᠢ ᠪᠠᠷ ᠴᠣᠯᠠᠯᠠᠭᠳᠠᠨ᠂ ᠪᠦᠬᠦ ᠤᠯᠤᠰ ᠤᠨ ᠰᠤᠷᠭᠠᠭᠤᠯᠢ ᠶᠢᠨ ᠶᠣᠰᠣ ᠰᠤᠷᠲᠠᠬᠤᠨ ᠤ ᠬᠥᠮᠥᠵᠢᠯ ᠤᠨ ᠠᠵᠢᠯ ᠤᠨ ᠰᠢᠨᠵᠢᠯᠡᠨ ᠶᠠᠷᠢᠯᠴᠠᠬᠤ ᠬᠤᠷᠠᠯ ᠳᠤ ᠣᠷᠣᠯᠴᠠᠵᠠᠢ᠃ 1999 ᠣᠨ ᠳᠤ ᠪᠠᠭ᠎ᠠ ᠰᠤᠷᠭᠠᠭᠤᠯᠢ ᠶᠢᠨ ᠲᠡᠰ ᠠᠴᠠ ᠳᠠᠪᠠᠭᠰᠠᠨ ᠳᠡᠭᠡᠳᠦ ᠵᠡᠷᠭᠡ ᠶᠢᠨ ᠪᠠᠭᠰᠢ ᠶᠢᠨ ᠮᠡᠷᠭᠡᠵᠢᠯ ᠤᠨ ᠴᠣᠯᠠ ᠣᠯᠵᠠᠢ᠃            ︽ᠣᠲᠤᠭ ᠬᠤᠰᠢᠭᠤᠨ ᠤ ᠣᠶᠢᠯᠠᠯᠭ᠎ᠠ︾ ︽ᠣᠲᠤᠭ ᠬᠤᠰᠢᠭᠤᠨ ᠤ ᠣᠶᠢᠯᠠᠯᠭ᠎ᠠ︾ ᠨᠠᠶᠢᠷᠠᠭᠤᠯᠬᠤ ᠺᠣᠮᠢᠰ ᠨᠠᠶᠢᠷᠠᠭᠤᠯᠪᠠ 
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ