1—3 ᠳ᠋ᠤᠭᠠᠷ ᠰᠠᠷ᠎ᠠ ᠳᠤ ᠣᠲᠤᠭ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠣᠭᠠᠨ ᠤ ᠨᠡᠮᠡᠭᠳᠡᠯ ᠤᠨ | ᠬᠤᠷᠳᠤᠴᠠ ᠪᠥᠬᠦ ᠬᠤᠲᠠ ᠶᠢᠨ ᠭᠤᠷᠪᠠᠳᠤᠭᠠᠷ ᠲᠤ ᠵᠢᠭᠰᠠᠭᠠᠭᠳᠠᠪᠠ | | | 2024 ᠣᠨ ᠤ ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠤᠭ᠎ᠠ | 8.0 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.0% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠬᠤᠲᠠ ᠶᠢᠨ | ᠭᠤᠷᠪᠠᠳᠤᠭᠠᠷ ᠲᠤ ᠣᠷᠣᠪᠠ᠃ ᠡᠭᠦᠨ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ | ᠪᠣᠷᠣᠯᠠᠭᠤᠯᠤᠭᠰᠠᠨ ᠶᠡᠷᠦᠩᠬᠡᠢ ᠲᠤᠭ᠎ᠠ 1.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 24.4% ᠪᠠᠷ ᠨᠡᠮᠡᠭᠳᠡᠪᠡ᠃ | ᠨᠢᠭᠡ᠂ ᠦᠨᠳᠦᠰᠦᠨ ᠠᠷᠠᠳ ᠤᠨ ᠠᠮᠢᠳᠤᠷᠠᠯ ᠤᠨ ᠵᠦᠢᠯ | 1—3 ᠳ᠋ᠤᠭᠠᠷ ᠰᠠᠷ᠎ᠠ ᠳᠤ᠂ ᠪᠥᠬᠦ ᠬᠤᠰᠢᠭᠤᠨ ᠤ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠳᠠᠬᠢ ᠠᠮᠤ ᠪᠤᠳᠠᠭ᠎ᠠ ᠢᠳᠡᠰᠢᠨ ᠲᠤᠰᠣ᠂ | ᠢᠳᠡᠭᠡᠨ ᠤ ᠵᠦᠢᠯ ᠠᠳᠠᠯᠢ ᠬᠤᠭᠤᠴᠠᠭᠠᠨ ᠤ ᠬᠢ ᠠᠴᠠ 38.0% ᠪᠠᠷ ᠨᠡᠮᠡᠭᠳᠡᠪᠡ᠂ ᠡᠭᠦᠨ ᠳᠤ ᠠᠮᠤ ᠪᠤᠳᠠᠭ᠎ᠠ ᠢᠳᠡᠰᠢᠨ ᠲᠣᠰᠣᠨ ᠤ ᠲᠥᠷᠥᠯ ᠤᠨ ᠲᠠᠸᠠᠷ ᠤᠨ | ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 58.0% ᠪᠠᠷ ᠨᠡᠮᠡᠭᠳᠡᠵᠦ᠂ ᠮᠢᠬ᠎ᠠ ᠵᠢᠭᠦᠷᠲᠡᠨ ᠥᠨᠳᠡᠭᠡ ᠶᠢᠨ ᠲᠥᠷᠥᠯ ᠤᠨ | ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 62.0% ᠢᠶᠠᠷ ᠨᠡᠮᠡᠭᠳᠡᠨ᠂ ᠤᠰᠤᠨ ᠤ ᠭᠠᠷᠤᠯᠲᠠ ᠶᠢᠨ ᠲᠥᠷᠥᠯ ᠤᠨ | ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 60.6% ᠪᠠᠷ ᠨᠡᠮᠡᠭᠳᠡᠵᠦ᠂ ᠠᠷᠢᠬᠢ ᠲᠠᠮᠠᠬᠢᠨ ᠤ ᠲᠥᠷᠥᠯ ᠤᠨ | ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 26.1% ᠪᠠᠷ ᠨᠡᠮᠡᠭᠳᠡᠨ᠂ ᠤᠮᠳᠠᠭᠠᠨ ᠤ ᠲᠥᠷᠥᠯ ᠤᠨ ᠲᠠᠸᠠᠷ ᠤᠨ | ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 29.4% ᠪᠠᠷ ᠨᠡᠮᠡᠭᠳᠡᠵᠡᠢ᠃ | ᠬᠤᠶᠠᠷ᠂ ᠲᠡᠰ ᠳᠡᠪᠰᠢᠬᠦ ᠲᠦᠷᠦᠯ ᠤᠨ ᠬᠡᠷᠡᠭᠯᠡᠭᠡ | ᠲᠡᠰ ᠳᠡᠪᠰᠢᠬᠦ ᠲᠦᠷᠦᠯ ᠤᠨ ᠲᠠᠸᠠᠷ ᠤᠨ ᠨᠡᠮᠡᠭᠳᠡᠯ ᠨᠡᠯᠢᠶᠡᠳ ᠲᠦᠷᠭᠡᠳᠴᠦ᠂ ᠶᠡᠭᠡ ᠬᠡᠮᠵᠢᠶᠡᠨ ᠤ ᠲᠠᠸᠠᠷ ᠤᠨ ᠬᠡᠷᠡᠭᠯᠡᠭᠡ ᠲᠠᠰᠤᠷᠠᠯᠳᠠ ᠦᠭᠡᠢ ᠥᠷᠭᠡᠳᠤᠨ᠂ | ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠢ ᠳᠠᠬᠢ ᠲᠠᠸᠠᠷ ᠤᠨ ᠵᠢᠵᠢᠭᠯᠡᠨ ᠪᠣᠷᠣᠯᠠᠭᠤᠯᠤᠭᠰᠠᠨ ᠲᠣᠭᠠᠨ ᠤ ᠳᠣᠲᠣᠷ᠎ᠠ᠂ ᠭᠡᠷ ᠤᠨ ᠴᠠᠬᠢᠯᠭᠠᠨ ᠬᠡᠷᠡᠭᠰᠡᠯ ᠪᠠ | ᠲᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠦᠷᠦᠯ᠂ ᠴᠢᠮᠡᠭᠡ ᠬᠤᠯᠪᠣᠭᠠᠨ ᠤ ᠪᠠᠭᠠᠵᠢ ᠬᠡᠷᠡᠭᠰᠡᠯ ᠤᠨ ᠲᠦᠷᠦᠯ ᠲᠤᠰ ᠲᠤᠰ 92.2%᠂ 80. | 6% ᠪᠠᠷ ᠨᠡᠮᠡᠭᠳᠡᠵᠦ᠂ ᠰᠢᠨ᠎ᠡ ᠡᠨᠧᠷᠭᠢ ᠶᠢᠨ ᠮᠠᠰᠢᠨ ᠲᠡᠷᠭᠡ 288.9% ᠪᠠᠷ ᠨᠡᠮᠡᠭᠳᠡᠪᠡ᠃ | ᠭᠤᠷᠪᠠ᠂ ᠬᠤᠨᠤᠭ ᠤᠨ ᠭᠠᠵᠠᠷ ᠢᠳᠡᠭᠡᠨ ᠤᠮᠳᠠᠭᠠᠨ | 1—3 ᠳ᠋ᠤᠭᠠᠷ ᠰᠠᠷ᠎ᠠ ᠳᠤ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠬᠤᠨᠤᠭ ᠤᠨ ᠦᠢᠯᠡᠰ ᠠᠳᠠᠯᠢ ᠬᠤᠭᠤᠴᠠᠭᠠᠨ ᠤ ᠬᠢ ᠠᠴᠠ 10.7% ᠪᠠᠷ | ᠪᠠᠭᠤᠷᠠᠵᠤ᠂ ᠢᠳᠡᠭᠡᠨ ᠤᠮᠳᠠᠭᠠᠨ ᠤ ᠦᠢᠯᠡᠰ ᠠᠳᠠᠯᠢ ᠬᠤᠭᠤᠴᠠᠭᠠᠨ ᠤ ᠬᠢ ᠠᠴᠠ 6.7% ᠪᠠᠷ ᠨᠡᠮᠡᠭᠳᠡᠵᠡᠢ᠃ | ᠶᠡᠷᠦᠩᠬᠡᠢ ᠳᠤᠨᠢ ᠠᠪᠴᠤ ᠦᠵᠡᠪᠡᠯ᠂ ᠥᠨᠦ ᠵᠢᠯ ᠤᠨ ᠨᠢᠭᠡᠳᠦᠭᠡᠷ ᠤᠯᠠᠷᠢᠯ ᠳᠤ᠂ ᠮᠠᠨ ᠤ ᠬᠤᠰᠢᠭᠤᠨ ᠤ ᠬᠡᠷᠡᠭᠯᠡᠭᠡᠨ ᠤ ᠵᠠᠬ᠎ᠠ ᠳᠡᠯᠭᠡᠭᠦᠷ ᠲᠣᠭᠲᠠᠭᠤᠨ ᠢᠶᠠᠷ | ᠨᠡᠮᠡᠭᠳᠡᠵᠦ᠂ ᠵᠠᠬ᠎ᠠ ᠳᠡᠯᠭᠡᠭᠦᠷ ᠤᠨ ᠬᠡᠪᠴᠢᠶ᠎ᠡ ᠦᠷᠭᠦᠯᠵᠢᠯᠡᠨ ᠥᠷᠭᠡᠳᠪᠡ᠃ ᠭᠡᠪᠡᠴᠦ᠂ ᠪᠢᠳᠠ ᠠᠮᠵᠢᠯᠲᠠ ᠪᠠᠨ ᠨᠤᠲᠠᠯᠠᠬᠤ ᠶᠢᠨ ᠬᠠᠮᠲᠤ ᠣᠳᠣᠬᠠᠨ ᠤ ᠰᠠᠭᠤᠭᠠᠯᠢ | ᠠᠷᠠᠳ ᠤᠨ ᠬᠡᠷᠡᠭᠯᠡᠭᠡᠨ ᠤ ᠴᠢᠳᠠᠪᠤᠷᠢ ᠪᠠ ᠢᠲᠡᠭᠡᠯ ᠢ ᠨᠡᠮᠡᠭᠳᠡᠭᠦᠯᠵᠦ᠂ ᠵᠠᠷᠢᠮ ᠲᠠᠸᠠᠷ ᠤᠨ ᠪᠣᠷᠤᠯᠠᠭᠤᠯᠭ᠎ᠠ ᠪᠠ ᠦᠢᠯᠡᠴᠢᠯᠡᠭᠡᠨ ᠤ ᠬᠡᠷᠡᠭᠯᠡᠭᠡ ᠶᠢᠨ ᠰᠡᠷᠭᠦᠯᠲᠡ ᠶᠢᠨ | ᠬᠤᠷᠳᠤᠴᠠ ᠶᠢᠨ ᠤᠳᠠᠭᠠᠰᠢᠷᠠᠯ ᠪᠠ ᠠᠷᠠᠯᠵᠢᠶ᠎ᠠ ᠬᠤᠳᠠᠯᠳᠤᠭᠠᠨ ᠤ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠤᠯᠠᠮ ᠰᠠᠶᠢᠵᠢᠷᠠᠭᠤᠯᠬᠤ ᠴᠢᠬᠤᠯᠠᠲᠠᠢ | ᠪᠠᠶᠢᠬᠤ ᠶᠢ ᠰᠡᠷᠭᠡᠭ ᠢᠶᠠᠷ ᠲᠠᠨᠢᠬᠤ ᠴᠢᠬᠤᠯᠠᠲᠠᠢ ᠪᠠᠶᠢᠨ᠎ᠠ᠃ ᠡᠳᠡᠭᠡᠷ ᠥᠷᠢᠰᠦᠯᠳᠦᠭᠡᠨ ᠢ ᠠᠷᠭᠠᠴᠠᠭᠠᠬᠤ ᠶᠢᠨ ᠲᠥᠯᠥᠭᠡ᠂ ᠲᠠᠷᠠᠭᠠᠴᠢ ᠶᠢᠨ ᠠᠯᠬᠤᠮ ᠳᠤ ᠰᠠᠭᠤᠭᠠᠯᠢ | ᠠᠷᠠᠳ ᠤᠨ ᠬᠡᠷᠡᠭᠯᠡᠭᠡᠨ ᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠢ ᠢᠳᠡᠪᠬᠢᠲᠡᠢ ᠠᠭᠤᠳᠠᠯᠤᠨ᠂ ᠬᠡᠷᠡᠭᠯᠡᠭᠡᠨ ᠤ | ᠵᠠᠬ᠎ᠠ ᠳᠡᠯᠭᠡᠭᠦᠷ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃ | | |