ᠣᠲᠤᠭ ᠬᠤᠰᠢᠭᠤᠨ ᠤ 2024 ᠣᠨ ᠤ ᠨᠢᠭᠡᠳᠦᠭᠡᠷ ᠤᠯᠠᠷᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠤᠨ ᠲᠣᠪᠴᠢ ᠵᠠᠳᠠᠯᠤᠯᠲᠠ
ᠨᠡᠶᠢᠲᠡᠯᠡᠭᠰᠡᠨ ᠴᠠᠭ᠄
2024/4/30
ᠣᠲᠤᠭ ᠬᠤᠰᠢᠭᠤᠨ ᠤ 2024 ᠣᠨ ᠤ ᠨᠢᠭᠡᠳᠦᠭᠡᠷ ᠤᠯᠠᠷᠢᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠠᠵᠤ ᠠᠬᠤᠢ ᠶᠢᠨ ᠦᠷ᠎ᠡ ᠠᠰᠢᠭ ᠤᠨ ᠲᠣᠪᠴᠢ ᠵᠠᠳᠠᠯᠤᠯᠲᠠ      2024 ᠣᠨ ᠤ ᠨᠢᠭᠡᠳᠦᠭᠡᠷ ᠤᠯᠠᠷᠢᠯ ᠳᠤ᠂ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ 280.3 ᠳ᠋ᠦᠩᠰᠢᠭᠤᠷ ᠲᠥᠭᠦᠷᠢᠭ ᠲᠤ ᠬᠦᠷᠴᠡᠢ︔ ᠡᠵᠡᠩᠨᠡᠯᠲᠡ ᠶᠢᠨ ᠥᠪᠡᠷ ᠤᠨ ᠦᠷᠳᠡᠭ 232.3 ᠳ᠋ᠦᠩᠰᠢᠭᠤᠷ ᠲᠥᠭᠦᠷᠢᠭ᠂ ᠪᠡᠯᠡ ᠣᠷᠣᠭᠤᠯᠤᠯᠲᠠ ᠶᠢᠨ ᠠᠰᠢᠭ ᠣᠷᠣᠯᠭ᠎ᠠ 4.3 ᠳ᠋ᠦᠩᠰᠢᠭᠤᠷ ᠲᠥᠭᠦᠷᠢᠭ᠂ ᠡᠵᠡᠩᠨᠡᠯᠲᠡ ᠶᠢᠨ ᠠᠰᠢᠭ ᠬᠤᠨᠵᠢᠪᠤᠷᠢ 14.4 ᠳ᠋ᠦᠩᠰᠢᠭᠤᠷ ᠲᠥᠭᠦᠷᠢᠭ ᠲᠤ ᠬᠦᠷᠪᠡ︔ ᠨᠡᠶᠢᠲᠡ 13.7 ᠳ᠋ᠦᠩᠰᠢᠭᠤᠷ ᠲᠥᠭᠦᠷᠢᠭ ᠤᠨ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ ᠶᠢ ᠪᠡᠶᠡᠯᠡᠭᠦᠯᠪᠡ︔ ᠲᠤᠰᠢᠶᠠᠭᠰᠠᠨ ᠭᠠᠶᠢᠯᠢ ᠶᠢᠨ ᠮᠥᠩᠭᠦ ᠶᠢᠨ ᠶᠡᠷᠦᠩᠬᠡᠢ ᠲᠤᠭ᠎ᠠ 15.7 ᠳ᠋ᠦᠩᠰᠢᠭᠤᠷ ᠲᠥᠭᠦᠷᠢᠭ ᠲᠤ ᠬᠦᠷᠴᠡᠢ᠃      ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠡᠵᠡᠩᠨᠡᠯᠲᠡ ᠶᠢᠨ ᠣᠷᠣᠯᠭ᠎ᠠ ᠪᠠ ᠡᠵᠡᠩᠨᠡᠯᠲᠡ ᠶᠢᠨ ᠠᠰᠢᠭ ᠬᠤᠨᠵᠢᠪᠤᠷᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠪᠠᠭ᠎ᠠ ᠬᠡᠮᠵᠢᠶ᠎ᠡ ᠪᠠᠷ ᠪᠠᠭᠤᠷᠠᠪᠠ᠃ ᠠᠭᠤᠷᠬᠠᠢ ᠮᠠᠯᠲᠠᠬᠤ ᠦᠢᠯᠡᠰ ᠤᠨ ᠡᠵᠡᠩᠨᠡᠯᠲᠡ ᠶᠢᠨ ᠣᠷᠣᠯᠭ᠎ᠠ 95.5 ᠳ᠋ᠦᠩᠰᠢᠭᠤᠷ ᠲᠥᠭᠦᠷᠢᠭ ᠲᠤ ᠬᠦᠷᠴᠦ᠂ ᠡᠵᠡᠩᠨᠡᠯᠲᠡ ᠶᠢᠨ ᠠᠰᠢᠭ ᠬᠤᠨᠵᠢᠪᠤᠷᠢ ᠶᠢ 9.1 ᠳ᠋ᠦᠩᠰᠢᠭᠤᠷ ᠲᠥᠭᠦᠷᠢᠭ ᠪᠡᠶᠡᠯᠡᠭᠦᠯᠦᠨ᠂ ᠣᠷᠣᠯᠭ᠎ᠠ ᠶᠢ ᠨᠡᠯᠢᠶᠡᠳ ᠲᠣᠭᠲᠠᠭᠤᠨ ᠪᠠᠶᠢᠯᠭᠠᠪᠠ︔ ᠦᠢᠯᠡᠳᠬᠦ ᠦᠢᠯᠡᠰ ᠤᠨ ᠡᠵᠡᠩᠨᠡᠯᠲᠡ ᠶᠢᠨ ᠣᠷᠣᠯᠭ᠎ᠠ 143.5 ᠳ᠋ᠦᠩᠰᠢᠭᠤᠷ ᠲᠥᠭᠦᠷᠢᠭ᠂ ᠡᠵᠡᠩᠨᠡᠯᠲᠡ ᠶᠢᠨ ᠠᠰᠢᠭ ᠬᠤᠨᠵᠢᠪᠤᠷᠢ 0.5 ᠳ᠋ᠦᠩᠰᠢᠭᠤᠷ ᠲᠥᠭᠦᠷᠢᠭ᠂ ᠴᠠᠬᠢᠯᠭᠠᠨ ᠬᠦᠴᠦ᠂ ᠳᠤᠯᠠᠭᠠᠯᠠᠭ᠎ᠠ᠂ ᠰᠢᠲᠠᠮᠠᠬᠠᠢ ᠬᠡᠢ ᠵᠢᠴᠢ ᠤᠰᠤᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ 41.3 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 12.8% ᠪᠠᠷ ᠨᠡᠮᠡᠭᠳᠡᠨ᠂ ᠡᠵᠡᠩᠨᠡᠯᠲᠡ ᠶᠢᠨ ᠠᠰᠢᠭ ᠬᠤᠨᠵᠢᠪᠤᠷᠢ 4.8 ᠳ᠋ᠦᠩᠰᠢᠭᠤᠷ ᠲᠥᠭᠦᠷᠢᠭ ᠲᠤ ᠬᠦᠷᠴᠦ᠂ ᠨᠢᠳᠤᠨᠤᠨ ᠤ ᠬᠢ ᠠᠴᠠ 2300% ᠪᠠᠷ ᠨᠡᠮᠡᠭᠳᠡᠨ᠂ ᠨᠡᠮᠡᠭᠳᠡᠯ ᠤᠨ ᠬᠠᠨᠳᠤᠰᠢ ᠨᠡᠯᠢᠶᠡᠳ ᠲᠦᠷᠭᠡᠨ ᠪᠠᠶᠢᠪᠠ᠃ 
ᠢᠷᠡᠯᠲᠡ᠄ ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ