2024 ᠣᠨ ᠤ ᠨᠢᠭᠡᠳᠦᠭᠡᠷ ᠤᠯᠠᠷᠢᠯ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠷᠭᠢᠯᠲᠡ ᠶᠢᠨ ᠪᠠᠶᠢᠳᠠᠯ ᠤᠨ ᠲᠤᠬᠠᠢ ᠲᠣᠪᠴᠢ ᠵᠠᠳᠠᠯᠤᠯᠲᠠ
ᠨᠡᠶᠢᠲᠡᠯᠡᠭᠰᠡᠨ ᠴᠠᠭ᠄
2024/4/30
2024 ᠣᠨ ᠤ ᠨᠢᠭᠡᠳᠦᠭᠡᠷ ᠤᠯᠠᠷᠢᠯ ᠤᠨ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠷᠭᠢᠯᠲᠡ ᠶᠢᠨ ᠪᠠᠶᠢᠳᠠᠯ ᠤᠨ ᠲᠤᠬᠠᠢ ᠲᠣᠪᠴᠢ ᠵᠠᠳᠠᠯᠤᠯᠲᠠ      2024 ᠣᠨ ᠤ ᠨᠢᠭᠡᠳᠦᠭᠡᠷ ᠤᠯᠠᠷᠢᠯ ᠳᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠳᠠᠷᠤᠭᠠᠰᠤ ᠶᠢ ᠠᠷᠭᠠᠴᠠᠭᠠᠵᠤ᠂ ᠦᠷᠭᠦᠯᠵᠢᠯᠡᠨ ᠬᠥᠭᠵᠢᠪᠡ᠃ ᠪᠥᠬᠦ ᠬᠤᠰᠢᠭᠤᠨ ᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 6.24 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 27.1% ᠪᠠᠷ ᠪᠠᠭᠤᠷᠠᠪᠠ᠃ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ 0.4 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 36.9% ᠪᠠᠷ ᠪᠠᠭᠤᠷᠠᠪᠠ᠃ ᠥᠭᠬᠦ ᠶᠣᠰᠣᠲᠠᠢ ᠠᠵᠢᠯᠲᠠᠨ ᠠᠵᠢᠯᠴᠢᠨ ᠤ ᠴᠠᠯᠢᠩ 0.57 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 1.6% ᠪᠠᠷ ᠪᠠᠭᠤᠷᠠᠪᠠ᠃ ᠬᠤᠭᠤᠴᠠᠭᠠᠨ ᠰᠡᠭᠦᠯᠴᠢ ᠶᠢᠨ ᠬᠡᠷᠡᠭᠯᠡᠭᠰᠡᠨ ᠠᠵᠢᠯᠴᠢᠨ  ᠤ ᠲᠤᠭ᠎ᠠ 2532 ᠬᠦᠷᠴᠦ᠂ ᠠᠳᠠᠯᠢ ᠬᠤᠭᠤᠴᠠᠭᠠᠨ ᠤ ᠬᠢ ᠠᠴᠠ 5.2% ᠢᠶᠠᠷ ᠪᠠᠭᠤᠷᠠᠪᠠ᠃      ᠠᠵᠢᠯ ᠲᠥᠷᠥᠯ ᠤᠨ ᠶᠡᠭᠡ ᠲᠥᠷᠥᠯ ᠢᠶᠠᠷ ᠬᠤᠪᠢᠶᠠᠵᠤ ᠦᠵᠡᠪᠡᠯ᠂ ᠡᠵᠡᠩᠨᠡᠯᠲᠡ ᠶᠢᠨ ᠣᠷᠣᠯᠭ᠎ᠠ᠂ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ 2 ᠨᠡᠮᠡᠭᠳᠡᠵᠦ 1 ᠪᠠᠭᠤᠷᠠᠨ᠂ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠡᠵᠡᠩᠨᠡᠯᠲᠡ ᠶᠢᠨ ᠣᠷᠣᠯᠭ᠎ᠠ 0.58 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.43% ᠪᠠᠷ ᠨᠡᠮᠡᠭᠳᠡᠪᠡ︔ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ 0.03 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 872% ᠢᠶᠠᠷ ᠨᠡᠮᠡᠭᠳᠡᠪᠡ︔ ᠲᠦᠷᠢᠶᠡᠰᠦᠯᠡᠯ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 0.12 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 13.63% ᠪᠠᠷ ᠨᠡᠮᠡᠭᠳᠡᠨ᠂ ᠠᠰᠢᠭ ᠬᠤᠨᠵᠢᠪᠤᠷᠢ ᠶᠢᠨ ᠶᠡᠷᠦᠩᠬᠡᠢ ᠲᠤᠭ᠎ᠠ 165 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 327.39% ᠪᠠᠷ ᠨᠡᠮᠡᠭᠳᠡᠪᠡ︔ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ ᠤ ᠦᠢᠯᠡᠰ ᠤᠨ ᠡᠵᠡᠩᠨᠡᠯᠲᠡ ᠶᠢᠨ ᠣᠷᠣᠯᠭ᠎ᠠ 5.5 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 30.24% ᠪᠠᠷ ᠪᠠᠭᠤᠷᠠᠪᠠ︔ ᠠᠰᠢᠭ ᠬᠤᠨᠵᠢᠪᠤᠷᠢ ᠶᠢᠨ  ᠶᠡᠷᠦᠩᠬᠡᠢ ᠲᠤᠭ᠎ᠠ 0.36 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 39.92% ᠢᠶᠠᠷ ᠪᠠᠭᠤᠷᠠᠪᠠ᠃      ᠶᠡᠷᠦᠩᠬᠡᠢ ᠳᠤᠨᠢ ᠠᠪᠴᠤ ᠦᠵᠡᠪᠡᠯ᠂ ᠨᠢᠭᠡᠳᠦᠭᠡᠷ ᠤᠯᠠᠷᠢᠯ ᠳᠤ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠡᠷᠭᠢᠯᠲᠡ ᠶᠢᠨ ᠳᠤᠮᠳᠠᠬᠢ ᠲᠣᠭᠲᠠᠭᠤᠨ ᠪᠤᠰᠤ ᠬᠦᠴᠦᠨ ᠵᠦᠢᠯ᠂ ᠬᠤᠪᠢᠷᠠᠯᠲᠠ ᠨᠡᠯᠢᠶᠡᠳ ᠣᠯᠠᠨ ᠠᠴᠠ ᠵᠠᠷᠢᠮ ᠦᠢᠯᠡᠴᠢᠯᠡᠭᠡᠨ ᠤ ᠦᠢᠯᠡᠰ ᠤᠨ ᠠᠵᠢᠯ ᠲᠥᠷᠥᠯ ᠤᠨ ᠦᠷᠭᠦᠯᠵᠢᠯᠡᠨ ᠬᠥᠭᠵᠢᠭᠦᠯᠵᠦ ᠰᠠᠶᠢᠵᠢᠷᠠᠭᠤᠯᠬᠤ ᠰᠠᠭᠤᠷᠢ ᠶᠢ ᠮᠥᠨ ᠬᠦ ᠪᠠᠬᠢᠵᠢᠭᠦᠯᠬᠦ ᠴᠢᠬᠤᠯᠠᠲᠠᠢ ᠪᠠᠶᠢᠨ᠎ᠠ᠃ ᠲᠠᠷᠠᠭᠠᠴᠢ ᠶᠢᠨ ᠱᠠᠲᠤᠨ ᠳᠤ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠴᠢᠩᠭᠠᠳᠬᠠᠨ ᠦᠢᠯᠡᠴᠢᠯᠡᠭᠡᠨ ᠤ ᠦᠢᠯᠡᠰ ᠤᠨ ᠦᠷᠭᠦᠯᠵᠢᠯᠡᠨ ᠰᠡᠷᠭᠦᠬᠦ ᠶᠢ ᠠᠬᠢᠭᠤᠯᠵᠤ᠂ ᠬᠡᠪᠴᠢᠶᠡᠵᠢᠯ ᠠᠴᠠ ᠳᠡᠭᠡᠭᠰᠢᠬᠢ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠤᠨ ᠳᠡᠭᠡᠭᠰᠢᠯᠡᠯᠲᠡ ᠪᠠ ᠲᠤᠭ᠎ᠠ ᠬᠡᠮᠵᠢᠶᠡᠨ ᠤ ᠨᠡᠮᠡᠭᠳᠡᠯ ᠢ ᠠᠬᠢᠭᠤᠯᠬᠤ ᠴᠢᠬᠤᠯᠠᠲᠠᠢ ᠪᠠᠶᠢᠨ᠎ᠠ᠃ 
ᠢᠷᠡᠯᠲᠡ᠄ ᠣᠲᠤᠭ ᠬᠤᠰᠢᠭᠤᠨ ᠤ ᠲᠤᠭ᠎ᠠ ᠪᠦᠷᠢᠳᠬᠡᠯ ᠤᠨ ᠲᠣᠪᠴᠢᠶ᠎ᠠ