ᠣᠲᠤᠭ ᠬᠤᠰᠢᠭᠤᠨ ᠤ ᠳᠤᠯᠠᠭᠠᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/4/5
ᠣᠲᠤᠭ ᠬᠤᠰᠢᠭᠤᠨ ᠤ ᠳᠤᠯᠠᠭᠠᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ                                                        ᠣᠲᠤᠭ ᠵᠠᠰᠠᠭ ᠲᠠᠷᠬᠠᠭᠠᠭᠰᠠᠨ〔2024〕83 ᠳ᠋ᠤᠭᠠᠷ ᠲᠣᠭᠠᠲᠤ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ︵ᠬᠤᠲᠠ︶ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ᠂ ᠡᠯ᠎ᠡ ᠬᠠᠮᠢᠶ᠎ᠠ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄      ︽ᠣᠲᠤᠭ ᠬᠤᠰᠢᠭᠤᠨ ᠤ ᠳᠤᠯᠠᠭᠠᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ︾ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ 4 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠ ᠨᠠᠷ ᠲᠤ ᠳᠠᠷᠤᠮᠠᠯᠯᠠᠨ ᠲᠠᠷᠬᠠᠭᠠᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ ᠳᠠᠭᠠᠯᠳᠤᠭᠤᠯᠤᠯ᠄ ᠣᠲᠤᠭ ᠬᠤᠰᠢᠭᠤᠨ ᠤ ᠳᠤᠯᠠᠭᠠᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ                                                                                                                  ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ                                                       2024 ᠣᠨ ᠤ 4 ᠳ᠋ᠦ᠋ᠭᠡᠷ ᠰᠠᠷ᠎ᠠ ᠶᠢᠨ 3 ᠤ ᠡᠳᠦᠷ ᠳᠠᠭᠠᠯᠳᠤᠭᠤᠯᠤᠯ᠄                   ᠣᠲᠤᠭ ᠬᠤᠰᠢᠭᠤᠨ ᠤ ᠳᠤᠯᠠᠭᠠᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ ᠪᠥᠬᠦ ᠣᠷᠣᠨ᠂ ᠪᠥᠬᠦ ᠬᠤᠲᠠ᠂ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠯᠠᠭᠠᠨ ᠢᠨᠵᠧᠨᠧᠷᠢᠩ ᠢ ᠬᠡᠷᠡᠭᠵᠢᠭᠦᠯᠬᠦ ᠶᠢᠨ ᠥᠪᠡᠷᠲᠡᠭᠡᠨ ᠵᠠᠰᠠᠬᠤ ᠣᠷᠣᠨ ᠤ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠬᠦ ᠳᠠᠬᠢ ᠴᠢᠬᠤᠯᠠ ᠠᠴᠢ ᠬᠤᠯᠪᠣᠭᠳᠠᠯ ᠢ ᠭᠦᠨᠵᠡᠭᠡᠢ ᠡᠵᠡᠮᠳᠡᠨ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠬᠤᠰᠢᠭᠤᠨ ᠤ ᠪᠠᠨ ᠪᠣᠳᠠᠲᠠᠢ ᠲᠠᠢ ᠤᠶᠠᠯᠳᠤᠭᠤᠯᠤᠨ᠂ ᠲᠣᠰ ᠲᠥᠰᠥᠯ ᠢ ᠲᠣᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ  ᠲᠠᠢ ᠨᠡᠶᠢᠭᠡᠮ ᠵᠢᠷᠤᠮ  ᠤᠨ ᠦᠵᠡᠯ ᠰᠠᠨᠠᠭ᠎ᠠ  ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ  ᠪᠦᠷᠢᠯᠳᠦᠭᠦᠯᠵᠦ᠂ ᠳᠤᠯᠠᠭᠠᠨ ᠢᠨᠵᠧᠨᠧᠷᠢᠩ ᠢ ᠬᠡᠷᠡᠭᠵᠢᠭᠦᠯᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠨ᠂ ᠲᠦᠷᠦ ᠶᠢᠨ ᠪᠣᠳᠣᠯᠭ᠎ᠠ ᠶᠢᠨ ᠠᠵᠠ ᠲᠣᠬᠢᠶᠠᠯ ᠢ ᠪᠠᠲᠤ ᠡᠵᠡᠮᠳᠡᠵᠦ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠦᠨ᠂ ᠳᠤᠯᠠᠭᠠᠯᠠᠭ᠎ᠠ ᠬᠠᠩᠭᠠᠬᠤ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ ︽ᠲᠦᠷᠪᠡᠨ ᠪᠠᠲᠤᠯᠠᠭ᠎ᠠ︾ ᠶᠢᠨ ᠲᠥᠷᠥᠯ ᠵᠦᠢᠯ ᠢ ᠲᠥᠯᠥᠪᠵᠢᠭᠦᠯᠦᠨ ᠲᠥᠯᠥᠪᠯᠡᠬᠦ᠂ ᠳᠠᠭᠠᠭᠠᠴᠢᠯᠠᠯᠲᠠ ᠵᠠᠷᠯᠠᠵᠤ ᠠᠵᠢᠯ ᠡᠬᠢᠯᠡᠭᠦᠯᠬᠦ᠂ ᠪᠡᠯᠡ ᠮᠥᠩᠭᠦ ᠴᠢᠷᠮᠠᠶᠢᠨ ᠣᠯᠬᠤ ᠠᠵᠢᠯ ᠢ ᠲᠦᠷᠭᠡᠨ ᠠᠬᠢᠭᠤᠯᠵᠤ᠂ ᠴᠠᠭ ᠢ  ᠵᠠᠪᠳᠤᠨ ᠠᠵᠢᠯ ᠤᠨ ᠠᠬᠢᠴᠠ ᠶᠢ ᠲᠦᠷᠭᠡᠳᠬᠡᠵᠦ᠂ ᠤᠯᠠᠨ ᠲᠦᠮᠡᠨ ᠪᠠ ᠨᠡᠶᠢᠭᠡᠮ ᠤᠨ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠥᠬᠦᠪᠦᠷᠢᠯᠡᠨ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃      ᠬᠤᠶᠠᠷ᠂ ᠭᠤᠣᠯᠳᠠᠯᠭ᠎ᠠ ᠲᠠᠢ ᠡᠭᠦᠷᠭᠡ      ︵ᠨᠢᠭᠡ︶ ᠳᠤᠯᠠᠭᠠᠯᠠᠭ᠎ᠠ ᠬᠠᠩᠭᠠᠯᠭ᠎ᠠ ᠶᠢ ᠪᠠᠲᠤᠯᠠᠬᠤ ᠬᠦᠷᠢᠶ᠎ᠡ ᠬᠡᠪᠴᠢᠶ᠎ᠡ     ⒈ ᠳᠤᠯᠠᠭᠠᠯᠠᠭ᠎ᠠ ᠬᠠᠩᠭᠠᠬᠤ ᠪᠦᠬᠦᠯᠢ ᠴᠣᠭᠴᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠡᠶᠢᠲᠡ 2.5 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠭᠰᠠᠨ ᠬᠤᠶᠠᠷ ᠵᠦᠢᠯ ᠤᠨ ᠳᠤᠯᠠᠭᠠᠯᠠᠭ᠎ᠠ ᠬᠠᠩᠭᠠᠬᠤ ᠪᠠᠲᠤᠯᠠᠭ᠎ᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠂ ᠨᠢᠭᠡ ᠳᠤ ᠤᠯᠠᠭᠠᠨᠪᠠᠯᠭᠠᠰᠤ ᠵᠢᠴᠢ ᠮᠸᠡᠭ ᠰᠢ ᠶᠢᠨ ᠰᠢᠨ᠎ᠡ ᠬᠥᠳᠡᠭᠡ ᠲᠣᠰᠬᠤᠨ ᠤ ᠭᠠᠵᠠᠷ ᠣᠷᠣᠨ ᠤ ᠳᠤᠯᠠᠭᠠᠯᠠᠭ᠎ᠠ ᠬᠠᠩᠭᠠᠬᠤ ᠰᠢᠰᠲ᠋ᠧᠮ ᠵᠢᠴᠢ ᠶᠡᠷᠦᠩᠬᠡᠶᠢᠯᠡᠭᠰᠡᠨ ᠬᠤᠭᠤᠯᠠᠢ ᠲᠣᠣᠷ ᠢ ᠥᠭᠡᠷᠡᠴᠢᠯᠡᠬᠦ ᠲᠥᠷᠥᠯ ᠵᠦᠢᠯ ᠪᠣᠯᠣᠨ᠎ᠠ᠂ ᠲᠣᠰ ᠲᠥᠷᠥᠯ ᠵᠦᠢᠯ ᠳᠤ ᠨᠡᠶᠢᠲᠡ 1.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠢᠯᠴᠢ ᠰᠣᠯᠢᠬᠤ ᠥᠷᠲᠡᠭᠡ ᠶᠢ ᠰᠢᠨ᠎ᠡ ᠪᠠᠷ 4 ᠪᠠᠶᠢᠭᠤᠯᠤᠨ᠂ 1 ᠢᠯᠴᠢ ᠶᠢᠨ ᠰᠤᠷᠪᠤᠯᠵᠢ ᠶᠢᠨ ᠦᠢᠯᠡᠳᠪᠦᠷᠢ᠂ 12 ᠢᠯᠴᠢ ᠰᠣᠯᠢᠬᠤ ᠥᠷᠲᠡᠭᠡ᠂ 6.62 ᠺᠢᠯᠣᠮᠧᠲᠷ ᠤᠨ ᠨᠢᠭᠡᠳᠦᠭᠡᠷ ᠤᠳᠠᠭᠠᠨ ᠤ ᠬᠤᠭᠤᠯᠠᠢ ᠲᠣᠣᠷ᠂ 22.18 ᠺᠢᠯᠣᠮᠧᠲᠷ ᠤᠨ ᠬᠤᠶᠠᠳᠤᠭᠠᠷ ᠤᠳᠠᠭᠠᠨ ᠤ ᠬᠤᠭᠤᠯᠠᠢ ᠲᠣᠣᠷ ᠵᠢᠴᠢ ᠰᠠᠭᠤᠭᠠᠯᠢ ᠲᠣᠭᠤᠷᠢᠭ ᠳᠣᠲᠣᠷᠠᠬᠢ ᠬᠤᠭᠤᠯᠠᠢ ᠲᠣᠣᠷ᠂ 9.82 ᠺᠢᠯᠣᠮᠧᠲᠷ ᠤᠨ ᠲᠠᠩ ᠪᠡᠶᠡᠲᠦ ᠬᠤᠭᠤᠯᠠᠢ ᠶᠢ ᠵᠠᠰᠠᠵᠤ ᠥᠭᠡᠷᠡᠴᠢᠯᠡᠨ᠂ 780 ᠬᠤᠳᠳᠤᠭ ᠤᠨ ᠨᠡᠭᠡᠯᠡᠬᠡᠢ ᠶᠢ ᠰᠣᠯᠢᠵᠤ ᠵᠠᠰᠠᠨ᠎ᠠ᠃ ᠬᠤᠶᠠᠷ ᠲᠤ ᠣᠲᠤᠭ ᠬᠤᠰᠢᠭᠤᠨ ᠤ ᠴᠢ ᠫᠠᠨ ᠵᠢᠩ ᠪᠠᠯᠭᠠᠰᠤ᠂ ᠮᠧᠩ ᠰᠢ ᠪᠠᠯᠭᠠᠰᠤᠨ ᠤ ᠳᠤᠯᠠᠭᠠᠯᠠᠭ᠎ᠠ ᠬᠠᠩᠭᠠᠬᠤ ᠬᠤᠭᠤᠯᠠᠢ ᠲᠣᠣᠷ ᠢ ᠥᠭᠡᠷᠡᠴᠢᠯᠡᠬᠦ ᠢᠨᠵᠧᠨᠧᠷᠢᠩ ᠪᠣᠯᠣᠨ᠎ᠠ᠂ ᠲᠣᠰ ᠲᠥᠷᠥᠯ ᠵᠦᠢᠯ ᠳᠤ ᠨᠡᠶᠢᠲᠡ 1.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 5 ᠺᠢᠯᠣᠮᠧᠲᠷ ᠤᠨ ᠨᠢᠭᠡᠳᠦᠭᠡᠷ ᠤᠳᠠᠭᠠᠨ ᠤ ᠬᠤᠭᠤᠯᠠᠢ ᠲᠣᠣᠷ᠂ 49 ᠺᠢᠯᠣᠮᠧᠲᠷ ᠤᠨ ᠬᠤᠶᠠᠳᠤᠭᠠᠷ ᠤᠳᠠᠭᠠᠨ ᠤ ᠬᠤᠭᠤᠯᠠᠢ ᠲᠣᠣᠷ᠂ 8 ᠢᠯᠴᠢ ᠰᠣᠯᠢᠬᠤ ᠥᠷᠲᠡᠭᠡ ᠶᠢ ᠵᠠᠰᠠᠵᠤ ᠥᠭᠡᠷᠡᠴᠢᠯᠡᠨ᠂ 1389 ᠬᠤᠳᠳᠤᠭ ᠤᠨ ᠨᠡᠬᠡᠯᠡᠬᠡᠢ ᠶᠢ ᠵᠠᠰᠠᠵᠤ᠂ 13057 ᠨᠡᠭᠡᠯᠡᠭᠡᠢ᠂ 5899 ᠬᠡᠮᠵᠢᠭᠦᠷᠯᠢᠭ ᠢ ᠤᠭᠰᠠᠷᠠᠨ᠎ᠠ᠃ ᠢᠯᠴᠢ ᠰᠣᠯᠢᠬᠤ ᠠᠰᠢᠭᠯᠠᠮᠵᠢ ᠳᠣᠣᠷ᠎ᠠ᠂ ᠲᠥᠬᠦᠭᠡᠷᠦᠮᠵᠢ ᠨᠢ ᠬᠠᠭᠤᠴᠢᠷᠠᠭᠰᠠᠨ ᠢᠯᠴᠢ ᠰᠣᠯᠢᠬᠤ ᠦᠷᠳᠡᠭᠡ ᠶᠢ ᠲᠡᠰ ᠳᠡᠪᠰᠢᠭᠦᠯᠦᠨ ᠥᠭᠡᠷᠡᠴᠢᠯᠡᠵᠦ᠂ ᠢᠯᠴᠢ ᠰᠣᠯᠢᠬᠤ ᠦᠷᠳᠡᠭᠡ ᠳᠤ ᠲᠣᠭᠲᠠᠮᠠᠯ ᠪᠤᠶᠤ ᠰᠢᠯᠵᠢᠮᠡᠯ ᠬᠡᠯᠪᠡᠷᠢ ᠶᠢᠨ ᠪᠡᠯᠡᠳᠬᠡᠯ ᠴᠠᠬᠢᠯᠭᠠᠨ ᠡᠭᠦᠰᠬᠡᠭᠴᠢ ᠲᠣᠬᠢᠷᠠᠭᠤᠯᠬᠤ ᠶᠢ ᠠᠬᠢᠭᠤᠯᠤᠨ᠂ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠨ᠎ᠠ᠃ ᠬᠡᠷᠡᠭᠯᠡᠭᠴᠢᠳ ᠤᠨ ᠲᠠᠪᠴᠠᠩ ᠤᠨ ᠳᠤᠯᠠᠭᠠᠯᠠᠭ᠎ᠠ ᠬᠠᠩᠭᠠᠬᠤ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠵᠦ᠂ ᠠᠰᠠᠷ ᠤᠨ ᠳᠤᠯᠠᠭᠠᠨ ᠢ ᠬᠠᠮᠠᠭᠠᠯᠠᠬᠤ᠂ ᠠᠰᠠᠷ ᠳᠣᠲᠣᠷᠠᠬᠢ ᠳᠤᠯᠠᠭᠠᠯᠠᠭ᠎ᠠ ᠬᠠᠩᠭᠠᠬᠤ ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠪᠠ ᠠᠷᠢᠭᠤᠨ ᠴᠡᠪᠡᠷ ᠢᠶᠠᠷ ᠳᠤᠯᠠᠭᠠᠯᠠᠭ᠎ᠠ ᠬᠠᠩᠭᠠᠬᠤ ᠳᠤ ᠡᠷᠬᠡᠪᠰᠢ ᠥᠭᠡᠷᠡᠴᠢᠯᠡᠬᠦ ᠵᠦᠢᠯ ᠪᠣᠯᠭᠠᠵᠤ᠂ ᠥᠭᠡᠷᠡᠴᠢᠯᠡᠬᠦ ᠶᠣᠰᠣᠲᠠᠢ ᠶᠢ ᠨᠢ ᠪᠦᠬᠦᠨ ᠢ ᠥᠭᠡᠷᠡᠴᠢᠯᠡᠬᠦ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠰᠢᠭᠤᠨ ᠤ ᠡᠨᠧᠷᠭᠢ ᠶᠢᠨ ᠲᠣᠪᠴᠢᠶ᠎ᠠ᠂ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠤᠰᠢᠭᠤᠨ ᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠲᠥᠪ︶      ⒉ ᠣᠶᠤᠨᠴᠢ ᠪᠠᠷ ᠴᠡᠪᠡᠷ ᠳᠤᠯᠠᠭᠠᠯᠠᠭ᠎ᠠ ᠬᠠᠩᠭᠠᠬᠤ ᠶᠢ ᠬᠡᠷᠡᠭᠵᠢᠭᠦᠯᠦᠨ᠎ᠡ᠃ ᠳᠤᠯᠠᠭᠠᠯᠠᠭ᠎ᠠ ᠬᠠᠩᠭᠠᠬᠤ ᠰᠢᠰᠲ᠋ᠧᠮ ᠢ ᠠᠦ᠋ᠲ᠋ᠣᠴᠢᠯᠠᠬᠤ᠂ ᠣᠶᠤᠨᠴᠢᠯᠠᠨ ᠲᠠᠰ ᠳᠡᠪᠰᠢᠭᠦᠯᠬᠦ ᠥᠭᠡᠷᠡᠴᠢᠯᠡᠯᠲᠡ ᠶᠢ ᠠᠬᠢᠭᠤᠯᠵᠤ᠂ ᠬᠤᠭᠤᠯᠠᠢ ᠲᠣᠣᠷ ᠤᠨ ᠠᠮᠤᠷ ᠲᠦᠪᠰᠢᠨ ᠡᠷᠭᠢᠯᠲᠡ ᠶᠢᠨ ᠪᠠᠶᠢᠳᠠᠯ ᠢ ᠰᠦᠯᠵᠢᠶᠡᠨ ᠳᠡᠭᠡᠷ᠎ᠡ ᠬᠢᠨᠠᠨ ᠬᠡᠮᠵᠢᠬᠦ᠂ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠶᠢ ᠴᠢᠩᠭᠠᠳᠬᠠᠨ᠂ ᠳᠤᠯᠠᠭᠠᠯᠠᠭ᠎ᠠ ᠬᠠᠩᠭᠠᠬᠤ ᠲᠣᠣᠷ ᠢ ᠲᠡᠩᠴᠡᠭᠦᠷᠢᠲᠡᠢ ᠲᠣᠬᠢᠷᠠᠭᠤᠯᠤᠨ ᠡᠵᠡᠮᠳᠡᠬᠦ ᠶᠢ ᠠᠦ᠋ᠲ᠋ᠣᠴᠢᠯᠠᠵᠤ᠂ ᠣᠶᠤᠨᠴᠢ ᠪᠠᠷ ᠳᠤᠯᠠᠭᠠᠯᠠᠭ᠎ᠠ ᠬᠠᠩᠭᠠᠬᠤ ᠶᠢ ᠬᠢᠨᠠᠨ ᠬᠠᠮᠢᠶᠠᠷᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠳᠤᠯᠠᠭᠠᠯᠠᠭ᠎ᠠ ᠶᠢᠨ ᠰᠤᠷᠪᠤᠯᠵᠢ᠂ ᠳᠤᠯᠠᠭᠠᠯᠠᠭ᠎ᠠ ᠶᠢᠨ ᠲᠣᠣᠷ᠂ ᠳᠤᠯᠠᠭᠠᠯᠠᠭ᠎ᠠ ᠶᠢᠨ ᠬᠦᠴᠦᠨ ᠤ ᠥᠷᠲᠡᠭᠡ ᠪᠠ ᠳᠤᠯᠠᠭᠠᠯᠠᠭ᠎ᠠ ᠬᠠᠩᠭᠠᠬᠤ ᠲᠥᠬᠦᠭᠡᠷᠦᠮᠵᠢ ᠶᠢ ᠠᠦ᠋ᠲ᠋ᠣᠴᠢᠯᠠᠬᠤ᠂ ᠣᠶᠤᠨᠴᠢᠯᠠᠨ ᠲᠠᠰ ᠳᠡᠪᠰᠢᠭᠦᠯᠬᠦ ᠥᠭᠡᠷᠡᠴᠢᠯᠡᠯᠲᠡ ᠶᠢ ᠠᠬᠢᠭᠤᠯᠵᠤ᠂ ᠳᠤᠯᠠᠭᠠᠯᠠᠭ᠎ᠠ ᠬᠠᠩᠭᠠᠬᠤ ᠰᠢᠰᠲ᠋ᠧᠮ ᠳᠤ ᠰᠡᠷᠡᠯ ᠳᠠᠮᠵᠢᠭᠤᠯᠬᠤ ᠲᠥᠬᠦᠭᠡᠷᠦᠮᠵᠢ ᠨᠡᠮᠡᠵᠦ ᠤᠭᠰᠠᠷᠠᠨ᠂ ᠬᠤᠲᠠ ᠶᠢᠨ CIM ᠲᠠᠪᠴᠠᠩ ᠲᠠᠢ ᠠᠪᠴᠠᠯᠳᠤᠭᠤᠯᠵᠤ᠂ ᠣᠶᠤᠨᠴᠢ ᠪᠠᠷ ᠳᠤᠯᠠᠭᠠᠯᠠᠭ᠎ᠠ ᠬᠠᠩᠭᠠᠬᠤ ᠶᠢ ᠬᠢᠨᠠᠨ ᠬᠠᠮᠢᠶᠠᠷᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠳᠤᠯᠠᠭᠠᠯᠠᠭ᠎ᠠ ᠶᠢ ᠴᠡᠪᠡᠷ ᠳᠤᠯᠠᠭᠠᠯᠠᠭ᠎ᠠ ᠪᠠᠷ ᠣᠷᠣᠯᠠᠭᠤᠯᠬᠤ ᠲᠤᠷᠰᠢᠯᠲᠠ ᠶᠢᠨ ᠴᠡᠭ ᠤᠨ ᠬᠤᠲᠠ ᠶᠢ ᠢᠳᠡᠪᠬᠢᠲᠡᠢ ᠭᠤᠶᠤᠴᠢᠯᠠᠨ ᠮᠡᠳᠡᠭᠦᠯᠵᠦ᠂ ᠤᠯᠠᠭᠠᠨᠪᠠᠯᠭᠠᠰᠤ ᠶᠢᠨ ᠴᠡᠪᠡᠷ ᠡᠨᠧᠷᠭᠢ ᠪᠠᠷ ᠳᠤᠯᠠᠭᠠᠯᠠᠭ᠎ᠠ ᠬᠠᠩᠭᠠᠬᠤ ᠥᠭᠡᠷᠡᠴᠢᠯᠡᠯᠲᠡ ᠶᠢᠨ ᠠᠯᠬᠤᠴᠠ ᠶᠢ ᠲᠦᠷᠭᠡᠳᠬᠡᠨ ᠠᠬᠢᠭᠤᠯᠬᠤ ᠶᠢᠨ ᠬᠠᠮᠲᠤ᠂ ᠬᠡᠷᠡᠭᠴᠡᠭᠡ ᠪᠦᠬᠦᠢ ᠳᠥᠭᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠪᠠ ᠮᠠᠯᠵᠢᠬᠤ ᠲᠠᠷᠢᠶᠠᠯᠠᠬᠤ ᠣᠷᠣᠨ ᠳᠤ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠴᠠᠬᠢᠯᠭᠠᠨ ᠡᠨᠧᠷᠭᠢ᠂ ᠠᠭᠠᠷ ᠤᠨ ᠡᠨᠧᠷᠭᠢ᠂ ᠭᠠᠵᠠᠷ ᠤᠨ ᠢᠯᠴᠢ ᠶᠢᠨ ᠡᠨᠧᠷᠭᠢ ᠵᠡᠷᠭᠡ ᠴᠡᠪᠡᠷ ᠳᠤᠯᠠᠭᠠᠯᠠᠭ᠎ᠠ ᠬᠠᠩᠭᠠᠬᠤ ᠪᠠᠶᠢᠭᠤᠯᠤᠯᠲᠠ ᠪᠠ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠣᠪᠴᠢᠶ᠎ᠠ᠂ ᠬᠤᠰᠢᠭᠤᠨ ᠤ ᠡᠨᠧᠷᠭᠢ ᠶᠢᠨ ᠲᠣᠪᠴᠢᠶ᠎ᠠ᠂ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠬᠤᠰᠢᠭᠤᠨ ᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠲᠥᠪ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶      ⒊ ᠳᠤᠯᠠᠭᠠᠯᠠᠭ᠎ᠠ ᠬᠠᠩᠭᠠᠬᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠎ᠠ᠃ ᠳᠤᠯᠠᠭᠠᠯᠠᠭ᠎ᠠ ᠬᠠᠩᠭᠠᠬᠤ ᠶᠠᠰᠤ ᠴᠢᠨᠠᠷ ᠢ ᠶᠡᠷᠦᠩᠬᠡᠶᠢᠯᠡᠨ ᠦᠨᠡᠯᠡᠬᠦ ᠬᠠᠮᠢᠶᠠᠷᠤᠯᠲᠠ ᠶᠢ ᠬᠡᠷᠡᠭᠵᠢᠭᠦᠯᠵᠦ᠂ ᠦᠨᠡᠯᠡᠬᠦ ᠲᠠᠰ ᠶᠣᠰᠣᠭᠠᠷ ᠲᠥᠷᠥᠯ ᠬᠤᠪᠢᠶᠠᠵᠤ ᠬᠠᠮᠢᠶᠠᠷᠤᠨ᠂ ᠦᠨᠡᠯᠡᠯᠲᠡ ᠰᠠᠶᠢᠨ ᠠᠵᠤ ᠠᠬᠤᠶᠢᠯᠠᠯ ᠳᠤ ᠲᠥᠷᠥᠯ ᠵᠦᠢᠯ᠂ ᠪᠡᠯᠡ ᠮᠥᠩᠭᠦ ᠵᠡᠷᠭᠡ ᠶᠢᠨ ᠳᠡᠮᠵᠢᠯᠭᠡ ᠦᠵᠡᠭᠦᠯᠵᠦ᠂  ᠦᠨᠡᠯᠡᠯᠲᠡ ᠮᠠᠭᠤ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠪᠤᠶᠤ ᠳᠤᠯᠠᠭᠠᠯᠠᠭ᠎ᠠ ᠬᠠᠩᠭᠠᠬᠤ ᠵᠠᠬ᠎ᠠ ᠳᠡᠯᠭᠡᠭᠦᠷ ᠠᠴᠠ ᠭᠠᠷᠭᠠᠨ᠎ᠠ᠃ ᠳᠤᠯᠠᠭᠠᠯᠠᠭ᠎ᠠ ᠬᠠᠩᠭᠠᠬᠤ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠤᠨ ᠬᠢᠨᠠᠯᠲᠠ ᠬᠠᠮᠢᠶᠠᠷᠤᠯᠲᠠ ᠶᠢ ᠨᠡᠶᠢᠳᠡᠮ ᠲᠦᠭᠡᠮᠡᠯᠵᠢᠭᠦᠯᠬᠦ ᠶᠢ ᠠᠬᠢᠭᠤᠯᠵᠤ᠂ ᠳᠤᠯᠠᠭᠠᠯᠠᠭ᠎ᠠ ᠬᠠᠩᠭᠠᠬᠤ ᠡᠷᠭᠢᠯᠲᠡ ᠶᠢᠨ ᠪᠥᠬᠦ ᠶᠠᠪᠤᠴᠠ ᠶᠢ ᠬᠢᠨᠠᠵᠤ ᠬᠠᠮᠢᠶᠠᠷᠤᠨ᠂ ︽ᠰᠠᠨᠠᠭᠠᠴᠢᠯᠠᠭ᠎ᠠ ᠠᠴᠠ ᠪᠠᠨ ᠠᠷᠭᠠᠴᠠᠭᠠᠬᠤ︾ ᠶᠢ ︽ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠬᠦ︾ ᠪᠣᠯᠭᠠᠨ ᠬᠤᠪᠢᠷᠠᠭᠤᠯᠤᠨ᠎ᠠ᠃ ᠳᠤᠯᠠᠭᠠᠯᠭ᠎ᠠ ᠬᠠᠩᠭᠠᠬᠤ ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠤᠯᠠᠭᠠᠯᠭ᠎ᠠ ᠬᠠᠩᠭᠠᠬᠤ ᠬᠡᠪᠴᠢᠶ᠎ᠡ ᠪᠠᠷ ᠪᠠᠭ᠎ᠠ᠂ ᠡᠵᠡᠩᠨᠡᠯᠲᠡ ᠨᠢ ᠵᠢᠷᠤᠮᠵᠢᠯ ᠦᠭᠡᠢ᠂ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠪᠠᠷ ᠪᠠᠭᠤᠷᠠᠢ ᠪᠠ ᠠᠯᠳᠠᠭᠳᠠᠯ ᠢᠶᠠᠷ ᠬᠦᠨᠳᠦ ᠳᠤᠯᠠᠭᠠᠯᠠᠭ᠎ᠠ ᠶᠢᠨ ᠠᠵᠤ ᠠᠬᠤᠶᠢᠯᠠᠯ ᠢ ᠵᠠᠬ᠎ᠠ ᠳᠡᠯᠭᠡᠭᠦᠷᠴᠢᠯᠡᠬᠦ ᠠᠷᠭ᠎ᠠ ᠬᠡᠯᠪᠡᠷᠢ ᠪᠠᠷ ᠳᠠᠬᠢᠨ ᠵᠣᠬᠢᠶᠠᠨ ᠪᠠᠶᠢᠭᠤᠯᠵᠤ ᠡᠮᠬᠢᠯᠡᠨ ᠨᠡᠶᠢᠯᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠪᠡᠯᠡ ᠮᠥᠩᠭᠦ ᠭᠠᠷᠭᠠᠵᠤ ᠬᠤᠪᠢ ᠡᠵᠡᠮᠳᠡᠬᠦ ᠪᠤᠶᠤ ᠬᠤᠯᠢᠯᠳᠤᠭᠤᠯᠤᠨ ᠥᠭᠡᠷᠡᠴᠢᠯᠡᠬᠦ ᠶᠢ ᠵᠣᠷᠢᠭᠵᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ︔ ᠬᠠᠮᠵᠢᠯᠴᠠᠬᠤ ᠨᠢᠭᠡᠴᠢ᠄ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠲᠥᠪ︶      ⒋ ᠦᠢᠯᠡᠴᠢᠯᠡᠭᠡᠨ ᠤ ᠪᠠᠲᠤᠯᠠᠭ᠎ᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ᠎ᠡ᠃ ᠠᠷᠠᠳ ᠤᠨ ᠠᠮᠢᠳᠤᠷᠠᠯ ᠤᠨ ᠳᠤᠯᠠᠭᠠᠯᠠᠭ᠎ᠠ ᠳᠠᠬᠢ ᠨᠡᠭᠦᠷᠡᠰᠦᠨ ᠤ ᠪᠠᠲᠤᠯᠠᠭ᠎ᠠ ᠶᠢ ᠴᠢᠩᠭᠠᠳᠬᠠᠵᠤ᠂ ᠳᠤᠯᠠᠭᠠᠯᠭ᠎ᠠ ᠳᠤ ᠬᠡᠷᠡᠭᠯᠡᠬᠦ ᠨᠡᠭᠦᠷᠡᠰᠦᠨ ᠤ ᠳᠤᠮᠳᠠ ᠣᠷᠳᠣ ᠬᠤᠭᠤᠴᠠᠭᠠᠨ ᠤ ᠭᠡᠷ᠎ᠡ ᠶᠢ ᠬᠡᠷᠡᠭᠵᠢᠭᠦᠯᠦᠭᠰᠡᠨ ᠪᠠᠶᠢᠳᠠᠯ ᠢ ᠴᠢᠩᠭ᠎ᠠ ᠬᠢᠨᠠᠵᠤ ᠬᠠᠮᠢᠶᠠᠷᠤᠨ᠂ ᠠᠷᠠᠳ ᠤᠨ ᠠᠮᠢᠳᠤᠷᠠᠯ ᠤᠨ ᠳᠤᠯᠠᠭᠠᠯᠭ᠎ᠠ ᠳᠤ ᠬᠡᠷᠡᠭᠯᠡᠬᠦ ᠨᠡᠭᠦᠷᠡᠰᠦᠨ ᠤ ᠰᠠᠭᠠᠳ ᠦᠭᠡᠢ ᠨᠡᠪᠲᠡᠷᠡᠬᠦ ᠲᠡᠭᠡᠭᠡᠪᠦᠷᠢ ᠶᠢᠨ ᠵᠠᠮ ᠢ ᠨᠠᠪᠲᠠᠷᠡᠭᠦᠯᠵᠦ᠂ ᠳᠤᠯᠠᠭᠠᠯᠠᠭ᠎ᠠ ᠬᠠᠩᠭᠠᠬᠤ ᠠᠵᠦ ᠠᠬᠤᠶᠢᠯᠠᠯ ᠤᠨ ᠬᠡᠷᠡᠭᠯᠡᠬᠦ ᠨᠡᠭᠦᠷᠡᠰᠦ ᠶᠢ ᠪᠠᠲᠤᠯᠠᠨ᠎ᠠ᠃ ᠣᠨᠴᠠᠭᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠢ ᠲᠡᠭᠦᠯᠳᠡᠷᠵᠢᠭᠦᠯᠦᠨ᠂ ᠪᠠᠴᠢᠮ ᠪᠠᠶᠢᠳᠠᠯ ᠢ  ᠠᠷᠭᠠᠴᠠᠭᠠᠬᠤ ᠰᠣᠷᠢᠯᠲᠠ ᠶᠢ ᠴᠢᠩᠭᠠᠳᠬᠠᠵᠤ᠂ ᠳᠤᠯᠠᠭᠠᠯᠠᠭ᠎ᠠ ᠬᠠᠩᠭᠠᠬᠤ ᠬᠦᠷᠢᠶᠡᠨ ᠳᠠᠬᠢ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢᠨ ᠲᠦᠪᠰᠢᠨ ᠢ ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠶᠢᠨ ᠳᠤᠯᠠᠭᠠᠯᠠᠭ᠎ᠠ ᠬᠠᠩᠭᠠᠬᠤ ᠪᠠ ᠬᠡᠷᠡᠭᠯᠡᠬᠦ ᠬᠠᠮᠢᠶᠠᠷᠤᠯᠲᠠ ᠶᠢ ᠤᠯᠠᠮ ᠵᠢᠷᠤᠮᠵᠢᠭᠤᠯᠵᠤ᠂ ᠳᠤᠯᠠᠭᠠᠯᠠᠭ᠎ᠠ ᠬᠠᠩᠭᠠᠬᠤ ᠦᠢᠯᠡᠴᠢᠯᠡᠭᠡᠨ ᠤ ᠢᠯᠡ ᠨᠡᠶᠢᠲᠡᠯᠡᠬᠦ ᠳᠦᠷᠢᠮ᠂ ᠠᠮᠠᠯᠠᠯᠲᠠ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠂ ᠳᠤᠯᠠᠭᠠᠯᠠᠭ᠎ᠠ ᠬᠠᠩᠭᠠᠬᠤ ᠠᠵᠤ ᠠᠬᠤᠶᠢᠯᠠᠯ ᠤᠨ ᠬᠡᠷᠡᠭᠯᠡᠭᠴᠢ ᠶᠢᠨ ᠵᠠᠭᠠᠯᠳᠤᠯᠭ᠎ᠠ ᠶᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠬᠦ ᠶᠢ ᠱᠠᠭᠠᠷᠳᠠᠵᠤ᠂ ᠳᠤᠯᠠᠭᠠᠯᠠᠭ᠎ᠠ ᠬᠠᠩᠭᠠᠬᠤ ᠦᠢᠯᠡᠴᠢᠯᠡᠭᠡᠨ ᠤ ᠶᠠᠰᠤ ᠴᠢᠨᠠᠷ ᠪᠠ ᠬᠡᠷᠡᠭᠯᠡᠭᠴᠢ ᠶᠢᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠡᠨᠧᠷᠭᠢ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠬᠤᠰᠢᠭᠤᠨ ᠤ ᠬᠠᠤᠯᠢ ᠴᠠᠭᠠᠵᠠ ᠶᠢᠨ ᠲᠣᠪᠴᠢᠶ᠎ᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠤᠰᠢᠭᠤᠨ ᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠲᠥᠪ︶      ︵ᠬᠤᠶᠠᠷ︶ ᠤᠰᠤ ᠬᠠᠩᠭᠠᠬᠤ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ      ⒈ ᠬᠤᠲᠠ ᠪᠠᠯᠭᠠᠰᠤ ᠶᠢᠨ ᠤᠰᠤ ᠬᠠᠩᠭᠠᠬᠤ ᠪᠠᠲᠤᠯᠠᠭ᠎ᠠ ᠶᠢ ᠴᠢᠩᠭᠠᠳᠬᠠᠨ᠎ᠠ᠃ ᠬᠤᠲᠠ ᠶᠢᠨ ᠶᠠᠪᠤᠳᠠᠯ ᠤᠨ ᠵᠠᠮ ᠵᠢᠴᠢ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠲᠥᠷᠥᠯ ᠵᠦᠢᠯ ᠤᠨ ᠬᠡᠷᠡᠭᠵᠢᠭᠦᠯᠦᠯᠲᠡ ᠲᠠᠢ ᠤᠶᠠᠯᠳᠤᠭᠤᠯᠤᠨ᠂ ᠬᠤᠲᠠ ᠪᠠᠯᠭᠠᠰᠤ ᠶᠢᠨ ᠤᠰᠤ ᠬᠠᠩᠭᠠᠬᠤ ᠬᠠᠭᠤᠴᠢᠨ ᠬᠤᠭᠤᠯᠠᠢ ᠲᠣᠣᠷ ᠵᠢᠴᠢ ᠠᠮᠤᠷ ᠲᠦᠪᠰᠢᠨ ᠤ ᠳᠠᠯᠳᠠ ᠬᠡᠮ ᠣᠷᠣᠰᠢᠵᠤ ᠪᠠᠶᠢᠭ᠎ᠠ ᠬᠤᠶᠠᠳᠠᠭᠢ ᠤᠳᠠᠭᠠᠨ ᠤ ᠤᠰᠤ ᠬᠠᠩᠭᠠᠬᠤ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠵᠦ᠂ ᠤᠰᠤ ᠬᠠᠩᠭᠠᠬᠤ ᠲᠥᠬᠦᠭᠡᠷᠦᠮᠵᠢ ᠶᠢᠨ ᠲᠦᠭᠰᠢᠭᠦᠷᠢ ᠶᠢ ᠡᠰᠡᠷᠭᠦᠴᠡᠬᠦ ᠪᠠ ᠠᠮᠤᠷ ᠲᠦᠪᠰᠢᠨ ᠢᠶᠠᠷ ᠡᠷᠭᠢᠯᠳᠦᠬᠦ ᠴᠢᠳᠠᠪᠤᠷᠢ ᠶᠢ ᠳᠡᠭᠡᠭᠰᠢᠯᠡᠭᠦᠯᠦᠨ᠂ ᠬᠤᠲᠠ ᠪᠠᠯᠭᠠᠰᠤ ᠶᠢᠨ ᠤᠰᠤ ᠬᠠᠩᠭᠠᠬᠤ ᠬᠤᠭᠤᠯᠠᠢ ᠲᠣᠣᠷ ᠤᠨ ᠭᠤᠭᠤᠵᠢᠵᠤ ᠬᠤᠬᠢᠷᠠᠬᠤ ᠨᠣᠷᠮ᠎ᠠ ᠶᠢ 9% ᠠᠴᠠ ᠳᠣᠷᠣᠭᠰᠢ ᠪᠣᠯᠲᠠᠯ᠎ᠠ ᠪᠠᠭᠤᠷᠠᠭᠤᠯᠤᠨ᠎ᠠ᠃ ︵ᠲᠦᠷᠦᠭᠦᠯᠡᠬᠦ ᠨᠢᠭᠡᠴᠢ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠪᠠ ᠭᠡᠷ ᠪᠠᠶᠢᠰᠢᠩ ᠭᠠᠵᠠᠷ ᠬᠥᠷᠥᠩᠭᠡ ᠶᠢᠨ ᠠᠷᠠᠯᠵᠢᠶᠠᠨ ᠤ ᠲᠥᠪ᠂ ᠴᠢ ᠫᠠᠨ ᠵᠢᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠮᠧᠩ ᠰᠢ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶      ⒉ ᠰᠠᠭᠤᠭᠠᠯᠢ ᠠᠷᠠᠳ ᠤᠨ ᠤᠰᠤ ᠬᠡᠷᠡᠭᠯᠡᠬᠦ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠤᠰᠤ ᠬᠠᠩᠭᠠᠬᠤ ᠶᠢ ᠰᠢᠢᠳᠪᠦᠷᠢᠯᠡᠬᠦ ᠡᠯ᠎ᠡ ᠲᠥᠷᠥᠯ ᠤᠨ ᠲᠥᠬᠦᠭᠡᠷᠦᠮᠵᠢ ᠶᠢ ᠦᠷᠭᠦᠯᠵᠢᠯᠡᠨ ᠰᠢᠨᠡᠳᠬᠡᠨ ᠲᠡᠭᠦᠯᠳᠡᠷᠵᠢᠭᠦᠯᠵᠦ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠤᠰᠤᠨ ᠤ ᠬᠠᠩᠭᠠᠯᠭ᠎ᠠ ᠶᠢᠨ ᠡᠵᠡᠩᠨᠡᠯᠲᠡ ᠬᠠᠮᠢᠶᠠᠷᠤᠯᠲᠠ ᠶᠢᠨ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠤᠯᠤᠰ ᠤᠨ ᠬᠠᠮᠤᠭ ᠤᠨ ᠰᠢᠨ᠎ᠡ ᠨᠡᠶᠢᠲᠡᠯᠡᠭᠰᠡᠨ ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ ᠶᠣᠰᠣᠭᠠᠷ᠂ ᠤᠰᠤᠨ ᠤ ᠴᠢᠨᠠᠷ ᠤᠨ ᠡᠳᠦᠷ ᠤᠨ ᠪᠠᠶᠢᠴᠠᠭᠠᠯᠲᠠ᠂ ᠰᠠᠷ᠎ᠠ ᠶᠢᠨ ᠪᠠᠶᠢᠴᠠᠭᠠᠯᠲᠠ᠂ ᠣᠨ ᠤ ᠪᠠᠶᠢᠴᠠᠭᠠᠯᠲᠠ ᠳᠤ ᠦᠢᠯᠡᠳᠪᠦᠷᠢ ᠠᠴᠠ ᠭᠠᠷᠬᠤ ᠤᠰᠤ᠂ ᠬᠤᠭᠤᠯᠠᠢ ᠲᠣᠣᠷ ᠲᠠᠬᠢ ᠤᠰᠤ ᠪᠠ ᠬᠡᠷᠡᠭᠯᠡᠭᠡᠨ ᠤ ᠤᠰᠤᠨ ᠤ ᠪᠥᠬᠦ ᠶᠠᠪᠤᠴᠠ ᠶᠢ ᠪᠠᠶᠢᠴᠠᠭᠠᠨ ᠬᠡᠮᠵᠢᠬᠦ ᠶᠢ ᠣᠷᠣᠭᠤᠯᠤᠨ᠎ᠠ᠃ ᠬᠤᠰᠢᠭᠤᠨ ᠤ ᠡᠪᠡᠳᠴᠢᠨ ᠬᠢᠵᠢᠭ ᠢ ᠰᠡᠷᠭᠡᠶᠢᠯᠡᠨ ᠬᠤᠷᠢᠭᠯᠠᠬᠤ ᠲᠥᠪ ︽ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠤᠨ ᠪᠠᠷᠢᠮᠵᠢᠶ᠎ᠠ︾ ︵GB5749 ︱ 2022︶ ᠳᠤ ᠲᠣᠭᠲᠠᠭᠠᠭᠰᠠᠨ ᠭᠦᠢᠴᠡᠳᠬᠡᠯ ᠲᠤᠭ᠎ᠠ ᠶᠣᠰᠣᠭᠠᠷ ᠤᠰᠤ ᠲᠠᠲᠠᠷᠠᠬᠤ ᠬᠤᠭᠤᠴᠠᠭ᠎ᠠ ︵5 ᠳ᠋ᠤᠭᠠᠷ ᠰᠠᠷ᠎ᠠ︶᠂ ᠤᠰᠤ ᠡᠯᠪᠡᠭᠵᠢᠬᠦ ᠬᠤᠭᠤᠴᠠᠭ᠎ᠠ ︵8᠂ 9 ᠳ᠋ᠦ᠋ᠭᠡᠷ ᠰᠠᠷ᠎ᠠ︶ ᠶᠢᠨ ᠬᠢᠨᠠᠨ ᠬᠡᠮᠵᠢᠬᠦ ᠠᠵᠢᠯ ᠢ ᠥᠷᠨᠢᠭᠦᠯᠬᠦ ᠶᠢᠨ ᠬᠠᠮᠲᠤ ᠤᠤᠭᠤᠬᠤ ᠤᠰᠤᠨ ᠤ ᠠᠮᠤᠷ ᠲᠦᠪᠰᠢᠨ ᠤ ᠪᠠᠶᠢᠳᠠᠯ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠳᠡᠭᠡᠭᠰᠢ ᠮᠡᠳᠡᠭᠦᠯᠵᠦ ᠢᠯᠡ ᠪᠣᠯᠭᠠᠨ᠎ᠠ︔ ᠱᠠᠭᠠᠷᠳᠠᠯᠭ᠎ᠠ ᠶᠣᠰᠣᠭᠠᠷ ᠤᠯᠠᠷᠢᠯ ᠪᠦᠷᠢ ᠳᠤ ᠬᠤᠲᠠ ᠶᠢᠨ ᠤᠰᠤ ᠶᠢ ᠪᠠᠶᠢᠴᠠᠭᠠᠨ ᠬᠡᠮᠵᠢᠬᠦ ᠵᠢᠴᠢ ᠢᠯᠡ ᠨᠡᠶᠢᠲᠡᠯᠡᠬᠦ ᠠᠵᠢᠯ ᠢ ᠥᠷᠨᠢᠭᠦᠯᠦᠨ᠎ᠡ᠃ ᠡᠬᠢ ᠡᠭᠦᠰᠦᠯ ᠠᠴᠠ ᠨᠢ ᠤᠰᠤᠨ ᠭᠤᠭᠤᠵᠢᠭᠤᠷ ᠬᠦᠷᠲᠡᠯᠡᠬᠢ ᠤᠰᠤᠨ ᠤ ᠴᠢᠨᠠᠷ ᠢ ᠪᠠᠶᠢᠴᠠᠭᠠᠨ ᠬᠡᠮᠵᠢᠬᠦ ᠳᠦᠷᠢᠮ ᠢ ᠲᠣᠭᠲᠠᠭᠠᠵᠤ᠂ ᠤᠰᠤᠨ ᠤ ᠴᠢᠨᠠᠷ ᠢ ᠨᠡᠶᠢᠳᠡᠮ ᠪᠠᠶᠢᠴᠠᠭᠠᠵᠤ ᠬᠡᠮᠵᠢᠨ᠂ ᠤᠰᠤᠨ ᠤ ᠴᠢᠨᠠᠷ ᠢ ᠪᠠᠶᠢᠴᠠᠭᠠᠨ ᠬᠡᠮᠵᠢᠭᠰᠡᠨ ᠦᠷ᠎ᠡ ᠳ᠋ᠦᠩ ᠢ ᠬᠠᠮᠲᠤᠪᠠᠷ ᠡᠳ᠋ᠯᠡᠬᠦ᠂ ᠠᠰᠠᠭᠤᠳᠠᠯ ᠢ ᠮᠡᠳᠡᠭᠡᠯᠡᠬᠦ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠠᠷᠠᠳ ᠣᠯᠠᠨ ᠤ ᠤᠤᠭᠤᠬᠤ ᠤᠰᠤᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠣᠲᠤᠭ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠤᠰᠤ ᠬᠠᠩᠭᠠᠬᠤ ᠠᠵᠤ ᠠᠬᠤᠶᠢᠯᠠᠯ︶      ⒊ ᠠᠷᠪᠢᠯᠠᠨ ᠭᠠᠮᠨᠠᠵᠤ ᠡᠷᠴᠢᠮᠲᠡᠢ ᠠᠰᠢᠭᠯᠠᠬᠤ ᠲᠦᠪᠰᠢᠨ ᠢ ᠳᠡᠭᠡᠭᠰᠢᠯᠡᠭᠦᠯᠦᠨ᠎ᠡ᠃ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ᠂ ᠤᠰᠤ ᠠᠷᠪᠢᠯᠠᠬᠤ ᠬᠡᠯᠪᠡᠷᠢ ᠶᠢᠨ ᠪᠠᠶᠢᠭᠤᠯᠭ᠎ᠠ᠂ ᠤᠰᠤ ᠠᠷᠪᠢᠯᠠᠬᠤ ᠬᠡᠯᠪᠡᠷᠢ ᠶᠢᠨ ᠨᠢᠭᠡᠴᠢ᠂ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠢ ᠡᠭᠦᠳᠦᠨ ᠪᠠᠶᠢᠭᠤᠯᠬᠤ ᠠᠵᠢᠯ ᠢ ᠠᠬᠢᠭᠤᠯᠵᠤ᠂ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠬᠤᠳᠠ ᠶᠢᠨ ᠤᠰᠤ ᠠᠷᠪᠢᠯᠠᠬᠤ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠲᠣᠭᠲᠠᠭᠠᠯ ᠶᠣᠰᠣᠭᠠᠷ ᠬᠢᠨᠠᠨ ᠵᠥᠪᠰᠢᠶᠡᠷᠡᠵᠦ ᠳᠠᠩᠰᠠᠯᠠᠬᠤ ᠶᠢᠨ ᠬᠠᠮᠲᠤ ᠤᠰᠤ ᠠᠷᠪᠢᠯᠠᠬᠤ ᠳᠤ ︽ᠭᠤᠷᠪᠠ ᠶᠢ ᠬᠠᠮᠲᠤ ᠳᠤᠨᠢ ᠬᠢᠬᠦ︾ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠎ᠠ᠃ ᠨᠢᠭᠡ ᠡᠷᠦᠬᠡ ᠳᠤ ᠨᠢᠭᠡ ᠬᠡᠮᠵᠢᠭᠦᠷ ᠲᠣᠬᠢᠷᠠᠭᠤᠯᠬᠤ ᠶᠢ ᠪᠥᠬᠦ ᠲᠠᠯ᠎ᠠ ᠪᠠᠷ ᠪᠡᠶᠡᠯᠡᠭᠦᠯᠵᠦ᠂ ᠰᠠᠭᠤᠭᠠᠯᠢ ᠠᠷᠠᠳ ᠤᠨ ᠪᠤᠰᠤ ᠤᠰᠤ ᠬᠡᠷᠡᠭᠯᠡᠬᠦ ᠨᠢᠭᠡᠴᠢ ᠳᠤ ᠲᠥᠯᠥᠪᠯᠡᠭᠡ ᠲᠠᠢ ᠪᠠᠷ ᠤᠰᠤ ᠬᠡᠷᠡᠭᠯᠡᠬᠦ ᠭᠦᠢᠴᠡᠳᠬᠡᠯ ᠲᠤᠭ᠎ᠠ ᠪᠠᠭᠤᠯᠭᠠᠨ᠂ ᠨᠣᠷᠮ᠎ᠠ ᠲᠣᠭᠲᠠᠭᠠᠵᠤ ᠲᠥᠯᠥᠪᠯᠡᠭᠡ ᠲᠠᠢ ᠪᠠᠷ ᠤᠰᠤ ᠬᠡᠷᠡᠭᠯᠡᠬᠦ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠬᠤᠲᠠ ᠪᠠᠯᠭᠠᠰᠤᠨ ᠤ ᠰᠠᠭᠤᠭᠠᠯᠢ ᠠᠷᠠᠳ ᠤ ᠤᠰᠤᠨ ᠤ ᠱᠠᠲᠤᠯᠢᠭ ᠦᠨ᠎ᠡ ᠪᠣᠯᠣᠨ ᠰᠠᠭᠤᠭᠠᠯᠢ ᠠᠷᠠᠳ ᠤᠨ ᠪᠤᠰᠤ ᠲᠣᠭᠲᠠᠭᠰᠠᠨ ᠨᠤᠷᠮ᠎ᠠ ︵ᠲᠥᠯᠥᠪᠯᠡᠭᠡ︶ ᠠᠴᠠ ᠬᠡᠲᠦᠷᠡᠭᠰᠡᠨ ᠢ ᠨᠡᠶᠢᠯᠡᠭᠦᠯᠦᠨ ᠪᠤᠳᠤᠵᠤ ᠦᠨ᠎ᠡ ᠨᠡᠮᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠰᠤ ᠠᠷᠪᠢᠯᠠᠬᠤ ᠮᠠᠶ᠋ᠢᠭ ᠤᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠤᠨ᠎ᠠ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠰᠢᠭᠤᠨ ᠤ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠡᠯ᠎ᠡ ᠤᠰᠤ ᠬᠠᠩᠭᠠᠬᠤ ᠠᠵᠤ ᠠᠬᠤᠶᠢᠯᠠᠯ︶      ⒋ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠲᠥᠪᠯᠡᠷᠡᠩᠭᠦᠢ ᠤᠰᠤᠨ ᠤ ᠬᠠᠩᠭᠠᠯᠭ᠎ᠠ ᠶᠢ ᠬᠡᠪᠴᠢᠶᠡᠵᠢᠭᠦᠯᠦᠨ ᠬᠥᠭᠵᠢᠭᠦᠯᠬᠦ ᠶᠢ ᠠᠬᠢᠭᠤᠯᠵᠤ᠂ ᠣᠷᠳᠣᠰ ᠬᠤᠲᠠ ᠶᠢᠨ ᠣᠲᠤᠭ ᠬᠤᠰᠢᠭᠤᠨ ᠤ ᠮᠠᠯᠵᠢᠬᠤ ᠣᠷᠣᠨ ᠤ ᠤᠰᠤ ᠬᠠᠩᠭᠠᠬᠤ ᠶᠢ ᠪᠠᠲᠤᠯᠠᠬᠤ ᠲᠥᠷᠥᠯ ᠵᠦᠢᠯ ︵ᠬᠤᠯᠠ ᠠᠴᠠ ᠤᠰᠤ ᠲᠠᠲᠠᠬᠤ ᠬᠤᠶᠠᠳᠤᠭᠠᠷ ᠬᠤᠭᠤᠴᠠᠭ᠎ᠠ︶ ᠢ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 11 ᠭᠠᠴᠠᠭ᠎ᠠ ᠲᠣᠰᠬᠤᠨ ᠤ 705 ᠬᠥᠮᠥᠨ ᠤ ᠬᠤᠯᠠ ᠠᠴᠠ ᠤᠰᠤ ᠲᠠᠲᠠᠬᠤ ᠠᠰᠠᠭᠤᠳᠠᠯ ᠢ ᠰᠢᠢᠳᠪᠦᠷᠢᠯᠡᠨ᠎ᠡ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶      ︵ᠭᠤᠷᠪᠠ︶ ᠴᠠᠬᠢᠯᠭᠠᠨ ᠬᠠᠩᠭᠠᠬᠤ ᠪᠠᠲᠤᠯᠠᠭ᠎ᠠ ᠶᠢᠨ ᠬᠦᠷᠢᠶ᠎ᠡ      ⒈ ᠮᠠᠯᠵᠢᠬᠤ ᠲᠠᠷᠢᠶᠠᠯᠠᠬᠤ ᠣᠷᠣᠨ ᠤ ᠴᠠᠬᠢᠯᠭᠠᠨ ᠤ ᠲᠣᠣᠷ ᠢ ᠲᠠᠰ ᠳᠡᠪᠰᠢᠭᠦᠯᠬᠦ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠡᠷᠡᠭᠯᠡᠬᠦ ᠴᠠᠬᠢᠯᠭᠠᠨ ᠢ ᠪᠥᠬᠦ ᠲᠠᠯ᠎ᠠ ᠪᠠᠷ ᠲᠠᠰ ᠳᠡᠪᠰᠢᠭᠦᠯᠬᠦ ᠶᠢ ᠢᠳᠡᠪᠬᠢᠲᠡᠢ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠴᠠᠬᠢᠯᠭᠠᠨ ᠤ ᠬᠡᠷᠡᠭᠴᠡᠭᠡ ᠶᠢ ᠪᠥᠬᠦ ᠲᠠᠯ᠎ᠠ ᠪᠠᠷ ᠪᠠᠲᠤᠯᠠᠨ᠂ ᠴᠡᠪᠡᠷ ᠳᠤᠯᠠᠭᠠᠯᠠᠭ᠎ᠠ ᠶᠢᠨ ᠢᠵᠢ ᠲᠦᠬᠦᠷ ᠴᠠᠬᠢᠯᠭᠠᠨ ᠬᠠᠩᠭᠠᠬᠤ ᠢᠨᠵᠧᠨᠧᠷᠢᠩ ᠢ 1᠂ ᠬᠥᠳᠡᠭᠡ ᠲᠣᠰᠬᠤᠨ ᠤ ᠴᠠᠬᠢᠯᠭᠠᠨ ᠤ ᠲᠣᠣᠷ ᠢ ᠪᠠᠬᠢᠵᠢᠭᠦᠯᠦᠨ ᠰᠠᠶᠢᠵᠢᠷᠠᠭᠤᠯᠬᠤ 10 ᠺᠢᠯᠤᠸᠤᠯᠲ ᠵᠢᠴᠢ 10 ᠺᠢᠯᠤᠸᠤᠯᠲ ᠠᠴᠠ ᠳᠣᠷᠣᠭᠰᠢᠬᠢ ᠢᠨᠵᠧᠨᠧᠷᠢᠩ ᠢ 2᠂ ᠰᠢᠨ᠎ᠡ ᠡᠨᠧᠷᠭᠢ ᠪᠠᠷ ᠴᠠᠬᠢᠯᠭᠠᠨ ᠬᠠᠩᠭᠠᠬᠤ ᠮᠠᠯᠵᠢᠬᠤ ᠡᠷᠦᠬᠡ ᠶᠢ ᠴᠠᠬᠢᠯᠭᠠᠨ ᠤ ᠲᠣᠣᠷ ᠲᠤ ᠣᠷᠣᠭᠤᠯᠤᠨ ᠴᠠᠬᠢᠯᠭᠠᠨ ᠬᠠᠩᠭᠠᠬᠤ ᠢᠨᠵᠧᠨᠧᠷᠢᠩ ᠢ 1 ᠬᠡᠷᠡᠭᠵᠢᠭᠦᠯᠵᠦ᠂ ᠮᠧᠩ ᠰᠢ ᠪᠠᠯᠭᠠᠰᠤ ᠶᠢᠨ 1013 ᠮᠠᠯᠴᠢᠨ ᠲᠠᠷᠢᠶᠠᠴᠢᠨ ᠡᠷᠦᠬᠡ ᠶᠢᠨ ᠨᠡᠭᠦᠷᠡᠰᠦ ᠪᠠᠷ ᠳᠤᠯᠠᠭᠠᠯᠠᠭ᠎ᠠ ᠬᠠᠩᠭᠠᠵᠤ ᠪᠠᠶᠢᠭᠰᠠᠨ ᠢ ᠴᠠᠬᠢᠯᠭᠠᠨ ᠢᠶᠠᠷ ᠬᠠᠩᠭᠠᠬᠤ ᠪᠣᠯᠭᠠᠨ ᠥᠭᠡᠷᠡᠴᠢᠯᠡᠨ᠎ᠡ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠡᠨᠧᠷᠭᠢ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠬᠤᠰᠢᠭᠤᠨ ᠤ ᠠᠮᠢ ᠠᠬᠤᠢ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠣᠲᠤᠭ ᠤᠨ ᠴᠠᠬᠢᠯᠭᠠᠨ ᠬᠠᠩᠭᠠᠬᠤ ᠺᠣᠮᠫᠠᠨᠢ᠂ ᠴᠢ ᠫᠠᠨ ᠵᠢᠩ ᠴᠠᠬᠢᠯᠭᠠᠨ ᠬᠠᠩᠭᠠᠬᠤ ᠺᠣᠮᠫᠠᠨᠢ︶      ⒉ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ ᠶᠢ ᠴᠢᠩᠭᠠᠳᠬᠠᠨ᠎ᠠ᠃ ᠭᠤᠣᠯᠳᠠᠯᠭ᠎ᠠ ᠲᠠᠢ ᠲᠥᠷᠥᠯ ᠵᠦᠢᠯ ᠤᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠶᠢ ᠴᠢᠬᠤᠯᠠᠴᠢᠯᠠᠵᠤ᠂ ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠴᠢᠷᠦᠯᠲᠡ ᠶᠢᠨ ᠥᠷᠲᠡᠭᠡ ᠶᠢᠨ 220kV ᠤᠨ ᠴᠠᠬᠢᠯᠭᠠᠨ ᠳᠠᠮᠵᠢᠭᠤᠯᠬᠤ ᠱᠤᠭᠤᠮ ᠤᠨ ᠢᠨᠵᠧᠨᠧᠷᠢᠩ ᠤᠨ 1 ᠲᠥᠷᠥᠯ ᠵᠦᠢᠯ᠂ ᠥᠪᠥᠷ ᠮᠣᠩᠭᠤᠯ ᠤᠨ ᠪᠦᠦ ᠰᠢᠨ ᠯᠢᠤᠢ ᠨᠸᠡᠭ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠦᠦ ᠰᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠲᠤᠭ ᠬᠤᠰᠢᠭᠤᠨ ᠤ 2GW ᠬᠡᠷᠴᠢᠮ᠂ 2GW ᠥᠨᠳᠥᠷ ᠦᠷ᠎ᠡ ᠠᠰᠢᠭ ᠲᠠᠢ ᠣᠨᠳᠣᠣ ᠴᠢᠨᠠᠷ ᠤᠨ ᠠᠭᠤᠯᠵᠠᠷ ᠲᠠᠢ ᠴᠠᠬᠢᠯᠭᠠᠨ ᠴᠡᠨᠡᠭ ᠵᠢᠴᠢ ᠤᠭᠰᠠᠷᠠᠭ᠎ᠠ ᠲᠣᠨᠤᠭ ᠦᠢᠯᠡᠳᠬᠦ ᠲᠥᠷᠥᠯ ᠵᠦᠢᠯ ᠤᠨ 110kV ᠴᠠᠬᠢᠯᠭᠠᠨ ᠬᠠᠩᠭᠠᠬᠤ ᠱᠤᠭᠤᠮ ᠤᠨ ᠢᠨᠵᠧᠨᠧᠷᠢᠩ ᠤᠨ 1 ᠲᠥᠷᠥᠯ ᠵᠦᠢᠯ ᠢ ᠬᠡᠷᠡᠭᠵᠢᠭᠦᠯᠵᠦ᠂ ᠪᠦᠦ ᠰᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠠᠬᠢᠯᠭᠠᠨ ᠬᠡᠷᠡᠭᠯᠡᠬᠦ ᠪᠠ ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠤᠨ ᠴᠢᠷᠦᠯᠲᠡ ᠶᠢᠨ ᠥᠷᠲᠡᠭᠡ ᠶᠢᠨ ᠴᠠᠬᠢᠯᠭᠠᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠨ᠎ᠡ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠡᠨᠧᠷᠭᠢ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶      ⒊ ᠪᠣᠬᠢᠷᠲᠤᠯ ᠦᠭᠡᠢ ᠴᠠᠬᠢᠯᠭᠠᠨ ᠢᠶᠠᠷ ᠰᠦᠯᠵᠢᠶᠡᠨ ᠳᠤ ᠭᠠᠷᠬᠤ ᠶᠢ ᠲᠦᠷᠭᠡᠳᠬᠡᠨ ᠠᠬᠢᠭᠤᠯᠤᠨ᠎ᠠ᠃ ᠲᠥᠷᠥᠯ ᠵᠦᠢᠯ ᠢ ᠱᠠᠭᠠᠷᠳᠠᠨ ᠭᠦᠢᠴᠡᠳᠬᠡᠭᠦᠯᠬᠦ ᠲᠣᠭᠲᠠᠴᠠ ᠶᠢ ᠪᠦᠷᠢᠨᠰᠢᠭᠦᠯᠵᠦ᠂  ᠰᠠᠨᠠᠭᠠᠴᠢᠯᠠᠭ᠎ᠠ ᠠᠴᠠ ᠪᠠᠨ ᠦᠢᠯᠡᠴᠢᠯᠡᠨ᠂ ᠵᠢᠶᠦ᠋ᠨ ᠵᠧᠩ ᠤᠨ 45 ᠲᠦᠮᠡᠨ ᠺᠢᠯᠣᠸᠠᠲ ᠤᠨ ᠬᠡᠷᠡᠯ ᠸᠣᠯᠲ᠂ ᠱᠧᠨ ᠨᠸᠡᠭ ᠪᠸᠢ ᠹᠠᠨᠭ᠌ ᠤᠨ ᠰᠠᠯᠬᠢ ᠴᠡᠨᠡᠭ ᠢᠶᠠᠷ ᠤᠰᠤᠲᠥ᠋ᠷᠥᠭᠴᠢ ᠦᠢᠯᠡᠳᠬᠦ ᠵᠡᠷᠭᠡ ᠲᠥᠷᠥᠯ ᠵᠦᠢᠯ ᠤᠨ ᠲᠣᠣᠷ ᠢ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠲᠦᠷᠭᠡᠳᠬᠡᠨ ᠠᠬᠢᠭᠤᠯᠵᠤ᠂ ᠬᠡᠷᠡᠯ ᠴᠡᠨᠡᠭ ᠢᠶᠠᠷ ᠡᠯᠡᠰᠦ ᠶᠢ ᠵᠠᠰᠠᠬᠤ ᠲᠥᠷᠥᠯ ᠵᠦᠢᠯ ᠢ ᠣᠯᠬᠤ ᠪᠠᠷ ᠴᠢᠷᠮᠠᠶᠢᠨ᠂ ᠰᠢᠨ᠎ᠡ ᠡᠨᠧᠷᠭᠢ ᠶᠢᠨ ᠳᠣᠲᠣᠭᠠᠳᠤ ᠳᠠᠭᠠᠨ ᠬᠠᠩᠭᠠᠵᠤ ᠭᠠᠳᠠᠭᠰᠢ ᠬᠦᠷᠭᠡᠬᠦ ᠵᠠᠮ ᠢ ᠨᠠᠪᠲᠠᠷᠡᠭᠦᠯᠵᠦ᠂ 2024 ᠣᠨ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 140 ᠲᠦᠮᠡᠨ ᠺᠢᠯᠣᠸᠠᠲ ᠠᠴᠠ ᠳᠠᠪᠠᠭᠤᠯᠤᠨ᠂ ᠪᠣᠬᠢᠷᠲᠤᠯ ᠦᠭᠡᠢ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠡᠵᠡᠯᠡᠬᠦ ᠬᠠᠷᠢᠴᠠᠯ ᠢ 22% ᠣᠷᠴᠢᠮ ᠪᠣᠯᠲᠠᠯ᠎ᠠ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠡᠨᠧᠷᠭᠢ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶       ︵ᠳᠥᠷᠪᠡ︶ ᠬᠡᠢ ᠬᠠᠩᠭᠠᠬᠤ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ      ⒈ ᠬᠡᠢ ᠬᠠᠩᠭᠠᠬᠤ ᠬᠤᠭᠤᠯᠠᠢ ᠲᠣᠣᠷ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ ᠶᠢ ᠰᠢᠨᠡᠳᠬᠡᠬᠦ᠂ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠲᠠᠢ ᠤᠶᠠᠯᠳᠤᠭᠤᠯᠵᠤ᠂ 2023 ᠣᠨ ᠤ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠬᠤᠭᠤᠯᠠᠢ ᠲᠣᠣᠷ ᠤᠨ ᠲᠥᠬᠦᠭᠡᠷᠦᠮᠵᠢ ᠶᠢᠨ ᠨᠡᠶᠢᠳᠡᠮ ᠪᠠᠶᠢᠴᠠᠭᠠᠯᠲᠠ ᠶᠢᠨ ᠦᠷ᠎ᠡ ᠳ᠋ᠦᠩ ᠪᠠ ᠬᠤᠭᠤᠯᠠᠢ ᠲᠣᠣᠷ ᠤᠨ ᠪᠣᠳᠠᠲᠠᠢ ᠡᠷᠭᠢᠯᠲᠡ ᠶᠢᠨ ᠪᠠᠶᠢᠳᠠᠯ ᠢ ᠦᠨᠳᠦᠰᠦᠯᠡᠨ᠂ ᠪᠦᠲᠦᠭᠡᠨ ᠪᠠᠶᠢᠭᠤᠯᠬᠤ᠂ ᠥᠭᠡᠷᠡᠴᠢᠯᠡᠬᠦ ᠲᠥᠷᠥᠯ ᠵᠦᠢᠯ ᠤᠨ ᠬᠥᠮᠥᠷᠭᠡ ᠭᠠᠷᠭᠠᠵᠤ᠂ ᠣᠨ ᠬᠤᠪᠢᠶᠠᠨ ᠠᠬᠢᠭᠤᠯᠤᠨ᠎ᠠ᠃ 10 ᠺᠢᠯᠣᠮᠧᠲᠷ ᠤᠨ ᠰᠢᠲᠠᠮᠠᠬᠠᠢ ᠬᠡᠢ ᠶᠢᠨ ᠬᠤᠭᠤᠯᠠᠢ ᠲᠣᠣᠷ ᠢ ᠰᠢᠨ᠎ᠡ ᠪᠠᠷ ᠤᠭᠰᠠᠷᠠᠵᠤ᠂ ᠨᠡᠪᠲᠡᠷᠡᠭᠦᠯᠬᠦ ᠶᠣᠰᠣᠲᠠᠢ ᠶᠢ ᠨᠢ ᠪᠦᠬᠦᠨ ᠢ ᠨᠡᠪᠲᠡᠷᠡᠭᠦᠯᠦᠨ᠂ ᠰᠢᠲᠠᠮᠠᠬᠠᠢ ᠬᠡᠢ ᠶᠢ ᠨᠡᠶᠢᠳᠡᠮ ᠲᠦᠭᠡᠮᠡᠯᠵᠢᠭᠦᠯᠬᠦ ᠨᠤᠷᠮ᠎ᠠ ᠶᠢᠨ ᠲᠣᠭᠲᠠᠭᠰᠠᠨ ᠬᠠᠷᠠᠯᠲᠠ ᠶᠢ ᠪᠡᠶᠡᠯᠡᠭᠦᠯᠦᠨ᠎ᠡ᠃ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ᠵᠠᠮ ᠤᠨ ᠲᠤᠭ᠎ᠠ ᠶᠢ ᠦᠨᠳᠦᠰᠦᠯᠡᠨ᠂ ᠬᠤᠭᠤᠯᠠᠢ ᠲᠣᠣᠷ ᠢ ᠲᠣᠭᠤᠷᠢᠨ ᠪᠠᠶᠢᠴᠠᠭᠠᠬᠤ ᠲᠥᠯᠥᠪᠯᠡᠭᠡ ᠲᠣᠭᠲᠠᠭᠠᠵᠤ᠂ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯ ᠢ ᠦᠷᠭᠦᠯᠵᠢᠯᠡᠨ ᠥᠷᠨᠢᠭᠦᠯᠦᠨ᠂ ᠯᠠᠶᠢᠰᠧᠷ ᠢᠶᠠᠷ ᠪᠠᠶᠢᠴᠠᠭᠠᠨ ᠬᠡᠮᠵᠢᠬᠦ ᠪᠠᠭᠠᠵᠢ᠂ ᠲᠦᠯᠬᠢᠬᠦ ᠮᠠᠶ᠋ᠢᠭ ᠤᠨ ᠪᠠᠶᠢᠴᠠᠭᠠᠨ ᠬᠡᠮᠵᠢᠬᠦ ᠪᠠᠭᠠᠵᠢ ᠵᠡᠷᠭᠡ ᠮᠡᠷᠭᠡᠵᠢᠯ ᠤᠨ ᠠᠷᠭ᠎ᠠ ᠪᠠᠷᠢᠯ ᠢ ᠠᠰᠢᠭᠯᠠᠨ ᠳᠠᠯᠳᠠ ᠬᠡᠮ ᠢ ᠴᠠᠭ ᠲᠤᠬᠠᠢ ᠳᠤᠨᠢ ᠨᠠᠷᠢᠨ ᠪᠠᠶᠢᠴᠠᠭᠠᠵᠤ᠂ ᠡᠷᠭᠢᠯᠲᠡ ᠶᠢᠨ ᠠᠮᠤᠷ ᠲᠦᠪᠰᠢᠨ ᠢ ᠪᠠᠲᠤᠯᠠᠨ᠎ᠠ᠃ ᠢᠳᠡᠭᠡᠨ ᠤᠮᠳᠠᠭᠠᠨ ᠵᠡᠷᠭᠡ ᠰᠢᠲᠠᠮᠠᠬᠠᠢ ᠬᠡᠢ ᠬᠡᠷᠡᠭᠯᠡᠬᠦ ᠲᠠᠯᠠᠪᠤᠷ ᠤᠨ ︽ᠬᠡᠢ ᠰᠠᠪᠠᠯᠠᠬᠤ ᠰᠠᠪᠠ ᠶᠢ ᠳᠠᠮᠵᠢᠭᠤᠯᠬᠤ ᠬᠤᠭᠤᠯᠠᠢ ᠪᠣᠯᠭᠠᠨ ᠥᠭᠡᠷᠡᠴᠢᠯᠡᠬᠦ︾᠂ ︽ᠰᠢᠲᠠᠮᠠᠬᠠᠢ ᠬᠡᠢ ᠶᠢ ᠴᠠᠬᠢᠯᠭᠠᠨ ᠪᠣᠯᠭᠠᠨ ᠥᠭᠡᠷᠡᠴᠢᠯᠡᠬᠦ︾ ᠠᠵᠢᠯ ᠢ ᠲᠦᠷᠭᠡᠨ ᠠᠬᠢᠭᠤᠯᠵᠤ᠂ 93 ᠡᠷᠦᠬᠡ ᠶᠢᠨ ︽ᠬᠡᠢ ᠰᠠᠪᠠᠯᠠᠬᠤ ᠰᠠᠪᠠ ᠶᠢ ᠳᠠᠮᠵᠢᠭᠤᠯᠬᠤ ᠬᠤᠭᠤᠯᠠᠢ ᠪᠣᠯᠭᠠᠨ ᠥᠭᠡᠷᠡᠴᠢᠯᠡᠬᠦ︾ ᠥᠭᠡᠷᠡᠴᠢᠯᠡᠯᠲᠡ ᠶᠢ ᠪᠡᠶᠡᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠬᠢᠴᠢᠯᠠᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ⒉ ᠬᠡᠢ ᠬᠠᠳᠠᠭᠠᠯᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠰᠢᠲᠠᠮᠠᠬᠠᠢ ᠬᠡᠢ ᠬᠠᠳᠠᠭᠠᠯᠠᠬᠤ ᠡᠭᠦᠷᠭᠡ ᠶᠢ ᠲᠤᠰᠬᠠᠢ ᠲᠥᠯᠦᠪᠵᠢᠭᠦᠯᠭᠡ ᠳᠤ ᠣᠷᠣᠭᠤᠯᠤᠨ᠂ ᠰᠢᠲᠠᠮᠠᠬᠠᠢ ᠬᠡᠢ ᠬᠡᠷᠡᠭᠯᠡᠬᠦ ᠬᠡᠮᠵᠢᠶ᠎ᠡ ᠯᠦᠭᠡ ᠵᠣᠬᠢᠴᠠᠯᠳᠤᠭᠰᠠᠨ ᠰᠢᠲᠠᠮᠠᠬᠠᠢ ᠬᠡᠢ ᠬᠠᠳᠠᠭᠠᠯᠠᠬᠤ ᠲᠥᠬᠦᠭᠡᠷᠦᠮᠵᠢ ᠶᠢ ᠵᠣᠬᠢᠰᠲᠠᠢ ᠪᠠᠶᠢᠷᠢᠰᠢᠭᠤᠯᠤᠨ ᠪᠠᠶᠢᠭᠤᠯᠵᠤ᠂ ᠵᠠᠰᠠᠭ ᠤᠨ ᠣᠷᠳᠣᠨ ᠪᠣᠯᠣᠨ ᠠᠵᠤ ᠠᠬᠤᠶᠢᠯᠠᠯ ᠢ ᠣᠷᠭᠠᠨᠢᠭ ᠢᠶᠠᠷ ᠤᠶᠠᠯᠳᠤᠭᠤᠯᠤᠭᠰᠠᠨ᠂ ᠬᠠᠷᠢᠯᠴᠠᠨ ᠨᠥᠬᠦᠪᠦᠷᠢᠯᠡᠵᠦ ᠬᠠᠮᠲᠤᠷᠠᠨ ᠬᠥᠳᠡᠯᠦᠯᠴᠡᠭᠰᠡᠨ ᠨᠥᠭᠡᠴᠡᠯᠡᠬᠦ ᠲᠣᠭᠲᠠᠯᠴᠠᠭ᠎ᠠ ᠶᠢ ᠪᠠᠶᠢᠭᠤᠯᠤᠨ  ᠲᠡᠭᠦᠯᠳᠡᠷᠵᠢᠭᠦᠯᠦᠨ᠎ᠡ᠃ ᠨᠥᠬᠦᠴᠡᠯ ᠲᠠᠢ ᠰᠢᠲᠠᠮᠠᠬᠠᠢ ᠬᠡᠢ ᠬᠠᠳᠠᠭᠠᠯᠠᠬᠤ ᠲᠥᠬᠦᠭᠡᠷᠦᠮᠵᠢ ᠶᠢᠨ ᠪᠠᠭᠲᠠᠭᠠᠮᠵᠢ ᠶᠢ ᠥᠷᠭᠡᠳᠬᠡᠬᠦ ᠶᠢ ᠳᠡᠮᠵᠢᠵᠦ᠂ ᠰᠢᠲᠠᠮᠠᠬᠠᠢ ᠬᠡᠢ ᠬᠠᠳᠠᠭᠠᠯᠠᠬᠤ ᠲᠥᠬᠦᠭᠡᠷᠦᠮᠵᠢ ᠶᠢ ᠪᠠᠶᠢᠭᠤᠯᠬᠤ ᠨᠥᠬᠦᠴᠡᠯ ᠦᠭᠡᠢ ᠣᠷᠣᠨ ᠪᠦᠰᠡ ᠪᠠ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠵᠤ ᠠᠬᠤᠶᠢᠯᠠᠯ ᠳᠤ᠂ ᠰᠢᠲᠠᠮᠠᠬᠠᠢ ᠬᠡᠢ ᠬᠠᠳᠠᠭᠠᠯᠠᠬᠤ ᠦᠢᠯᠡᠴᠢᠯᠡᠭᠡ ᠶᠢ ᠲᠦᠷᠢᠶᠡᠰᠦᠯᠡᠬᠦ᠂ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ ᠪᠠᠷ ᠰᠢᠲᠠᠮᠠᠬᠠᠢ ᠬᠡᠢ ᠬᠠᠳᠠᠭᠠᠯᠠᠬᠤ ᠴᠢᠳᠠᠪᠤᠷᠢ ᠶᠢ ᠪᠠᠲᠤᠯᠠᠬᠤ ᠶᠢ ᠵᠣᠷᠢᠭᠵᠢᠭᠤᠯᠤᠨ᠎ᠠ᠃ ᠨᠢᠭᠡᠨᠲᠡ ᠪᠠᠶᠢᠭᠤᠯᠤᠭᠰᠠᠨ ᠰᠢᠲᠠᠮᠠᠬᠠᠢ ᠬᠡᠢ ᠬᠠᠳᠠᠭᠠᠯᠠᠬᠤ ᠲᠥᠬᠦᠭᠡᠷᠦᠮᠵᠢ ᠶᠢ ᠬᠠᠳᠠᠭᠠᠯᠠᠪᠠᠰᠤ ᠵᠣᠬᠢᠬᠤ ᠶᠢ ᠨᠢ ᠪᠦᠬᠦᠨ ᠢ ᠬᠠᠳᠠᠭᠠᠯᠠᠬᠤ ᠶᠢ ᠪᠠᠷᠢᠮᠲᠠᠯᠠᠵᠤ᠂ ᠳᠤᠯᠠᠭᠠᠯᠠᠭ᠎ᠠ ᠶᠢᠨ ᠤᠯᠠᠷᠢᠯ ᠢᠯᠠᠩᠭᠤᠶ᠎ᠠ ᠣᠷᠭᠢᠯ ᠦᠶ᠎ᠡ ᠶᠢᠨ ᠬᠠᠩᠭᠠᠯᠭ᠎ᠠ ᠶᠢᠨ ᠬᠡᠷᠡᠭᠴᠡᠭᠡ ᠶᠢ ᠪᠠᠲᠤᠯᠠᠨ᠂ ᠰᠢᠲᠠᠮᠠᠬᠠᠢ ᠬᠡᠢ ᠬᠠᠳᠠᠭᠠᠯᠠᠬᠤ ᠴᠢᠳᠠᠪᠤᠷᠢ ᠶᠢ ᠲᠣᠰ ᠵᠠᠰᠠᠭ ᠵᠠᠬᠢᠷᠭᠠᠨ ᠤ ᠣᠷᠣᠨ ᠤ 3 ᠡᠳᠦᠷ ᠤᠨ ᠳᠤᠮᠳᠠᠴᠢ ᠬᠡᠷᠡᠭᠯᠡᠭᠡᠨ ᠤ ᠬᠡᠮᠵᠢᠶ᠎ᠡ ᠠᠴᠠ ᠳᠣᠣᠷ᠎ᠠ ᠪᠠᠶᠢᠯᠭᠠᠬᠤ ᠦᠭᠡᠢ ᠪᠠᠶᠢᠵᠤ᠂ ᠬᠤᠲᠠ ᠪᠠᠯᠭᠠᠰᠤ ᠶᠢᠨ ᠰᠢᠲᠠᠮᠠᠬᠠᠢ ᠬᠡᠢ ᠶᠢᠨ ᠠᠵᠤ ᠠᠬᠤᠶᠢᠯᠠᠯ ᠤᠨ ᠰᠢᠲᠠᠮᠠᠬᠠᠢ ᠬᠡᠢ ᠬᠠᠳᠠᠭᠠᠯᠠᠬᠤ ᠴᠢᠳᠠᠪᠤᠷᠢ ᠶᠢ ᠲᠡᠳᠡᠨ ᠤ ᠵᠢᠯ ᠤᠨ ᠬᠡᠷᠡᠭᠯᠡᠬᠦ ᠬᠡᠢ ᠶᠢᠨ ᠬᠡᠮᠵᠢᠶ᠎ᠡ ᠶᠢᠨ 5% ᠠᠴᠠ ᠳᠣᠣᠷᠠᠳᠠᠭᠤᠯᠬᠤ ᠦᠭᠡᠢ ᠪᠠᠶᠢᠯᠭᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠡᠨᠧᠷᠭᠢ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶      ⒊ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠥᠷᠲᠡᠭᠡᠨ ᠤ ᠡᠵᠡᠮᠰᠢᠯ ᠤᠨ SCADA ᠰᠢᠰᠲ᠋ᠧᠮ ᠪᠠ GIS ᠰᠢᠰᠲ᠋ᠧᠮ ᠢ ᠰᠠᠶᠢᠲᠤᠷ ᠬᠡᠷᠡᠭᠯᠡᠵᠦ᠂ ᠰᠢᠲᠠᠮᠠᠬᠠᠢ ᠬᠡᠢ ᠶᠢᠨ ᠠᠮᠤᠷ ᠲᠦᠪᠰᠢᠨ ᠢ ᠲᠣᠭᠠᠴᠢᠯᠠᠨ ᠬᠢᠨᠠᠨ ᠬᠡᠮᠵᠢᠬᠦ ᠴᠢᠳᠠᠪᠤᠷᠢ ᠶᠢ ᠳᠡᠭᠡᠭᠰᠢᠯᠡᠭᠦᠯᠦᠨ᠂ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ᠂ ᠶᠠᠪᠤᠴᠠ ᠶᠢ ᠬᠢᠨᠠᠨ ᠬᠡᠮᠵᠢᠬᠦ᠂ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠶᠡᠷᠦᠩᠬᠡᠶᠢᠯᠡᠨ ᠵᠠᠰᠠᠬᠤ ᠶᠢ ᠪᠡᠶᠡᠯᠡᠭᠦᠯᠦᠨ᠎ᠡ᠃ ᠰᠠᠪᠠᠨ ᠳᠤ ᠰᠠᠪᠠᠯᠠᠭᠰᠠᠨ ᠰᠢᠩᠭᠡᠨ ᠪᠡᠶᠡᠲᠦ ᠴᠢᠯᠠᠭᠤᠨ ᠲᠣᠰᠣ ᠬᠡᠢ ᠶᠢᠨ ᠠᠵᠤ ᠠᠬᠤᠶᠢᠯᠠᠯ ᠤᠨ ᠰᠠᠪᠠᠨ ᠳᠤ ᠰᠠᠪᠠᠯᠠᠭᠰᠠᠨ ᠰᠢᠲᠠᠮᠠᠬᠠᠢ ᠬᠡᠢ ᠶᠢ ᠣᠶᠤᠨᠴᠢ ᠪᠠᠷ ᠬᠠᠮᠢᠶᠠᠷᠬᠤ ᠰᠢᠰᠲ᠋ᠧᠮ ᠪᠠᠶᠢᠭᠤᠯᠬᠤ ᠶᠢ ᠱᠠᠭᠠᠷᠳᠠᠵᠤ᠂ ᠬᠡᠢ ᠰᠠᠪᠠᠯᠠᠬᠤ ᠰᠠᠪᠠ ᠶᠢ ᠬᠥᠳᠡᠯᠦᠩᠭᠦᠢ ᠪᠠᠷ ᠮᠥᠷᠳᠡᠨ᠂ ᠬᠡᠢ ᠰᠠᠪᠠᠯᠠᠬᠤ ᠰᠠᠪᠠ ᠶᠢᠨ ᠭᠦᠢᠯᠭᠡᠭᠡᠨ ᠤ ᠪᠥᠬᠦ ᠶᠠᠪᠤᠴᠠ ᠶᠢ ᠮᠥᠷᠳᠡᠨ ᠬᠠᠮᠢᠶᠠᠷᠤᠨ᠎ᠠ᠃ ᠰᠢᠲᠠᠮᠠᠬᠠᠢ ᠬᠡᠢ ᠶᠢᠨ ᠪᠠᠭᠠᠵᠢ ᠵᠢᠴᠢ ᠰᠢᠲᠠᠮᠠᠬᠠᠢ ᠬᠡᠢ ᠶᠢᠨ ᠰᠡᠯᠪᠢᠭ ᠲᠣᠨᠤᠭ ᠢ ᠪᠣᠷᠣᠯᠠᠭᠤᠯᠬᠤ ᠵᠠᠬ᠎ᠠ ᠳᠡᠯᠭᠡᠭᠦᠷ ᠢ ᠶᠡᠬᠡᠪᠡᠷ ᠴᠡᠭᠴᠡᠯᠡᠵᠦ᠂ ᠪᠠᠶᠢᠭᠤᠯᠭ᠎ᠠ ᠨᠤᠭᠤᠳ ᠬᠠᠮᠲᠤᠷᠠᠨ ᠬᠠᠤᠯᠢ ᠬᠡᠷᠡᠭᠵᠢᠭᠦᠯᠬᠦ᠂ ᠰᠣᠯᠪᠢᠴᠠᠨ ᠬᠠᠷᠢᠯᠴᠠᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠶᠢ ᠢᠳᠡᠪᠬᠢᠲᠡᠢ ᠬᠡᠷᠡᠭᠯᠡᠨ᠂ ᠬᠢᠨᠠᠯᠲᠠ ᠬᠠᠮᠢᠶᠠᠷᠤᠯᠲᠠ ᠶᠢᠨ ᠨᠡᠶᠢᠯᠡᠮᠡᠯ ᠬᠦᠴᠦᠨ ᠢ ᠪᠣᠶ ᠪᠣᠯᠭᠠᠨ᠎ᠠ᠃ ᠦᠢᠯᠡᠳᠪᠦᠷᠢᠯᠡᠯ ᠢ ᠨᠢ ᠵᠣᠭᠰᠣᠭᠠᠨ ᠴᠡᠭᠴᠡᠯᠡᠬᠦ᠂ ᠡᠭᠦᠳᠡ ᠶᠢ ᠨᠢ ᠬᠠᠭᠠᠵᠤ ᠬᠦᠴᠦᠨ ᠦᠭᠡᠢ ᠪᠣᠯᠭᠠᠬᠤ᠂ ᠴᠢᠩᠭ᠎ᠠ ᠪᠠᠷ ᠰᠢᠢᠳᠬᠡᠬᠦ ᠪᠠ ︽ᠨᠢᠭᠡ ᠬᠡᠷᠡᠭ ᠠᠴᠠ ᠬᠤᠣᠰ ᠬᠠᠷᠢᠭᠤᠴᠠᠯᠭ᠎ᠠ ᠨᠡᠬᠡᠮᠵᠢᠯᠡᠵᠦ ᠰᠢᠢᠳᠬᠡᠬᠦ︾ ᠵᠡᠷᠭᠡ ᠠᠷᠭ᠎ᠠ ᠬᠡᠮᠵᠢᠶ᠎ᠡ ᠶᠢ ᠠᠪᠴᠤ᠂ ᠬᠠᠤᠯᠢ ᠵᠥᠷᠢᠴᠡᠭᠰᠡᠨ ᠠᠵᠢᠯᠯᠠᠭ᠎ᠠ ᠳᠤ ᠬᠦᠴᠦᠲᠡᠢ ᠴᠣᠬᠢᠯᠲᠠ ᠥᠭᠭᠦᠨ᠎ᠡ᠃ ︵ᠲᠦᠷᠦᠭᠦᠯᠡᠨ ᠬᠢᠬᠦ ᠨᠢᠭᠡᠴᠢ᠄ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠮᠵᠢᠯᠴᠠᠬᠤ ᠨᠢᠭᠡᠴᠢ᠄ ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠰᠢᠭᠤᠨ ᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ︶      ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠡᠯ᠎ᠡ ᠲᠦᠷᠦᠭᠦᠯᠡᠨ ᠬᠢᠬᠦ ᠪᠠᠶᠢᠭᠤᠯᠭ᠎ᠠ ᠳᠤᠯᠠᠭᠠᠨ ᠢᠨᠵᠧᠨᠧᠷᠢᠩ ᠢ ᠲᠡᠷᠢᠭᠦᠨ ᠢᠨᠵᠧᠨᠧᠷᠢᠩ ᠪᠣᠯᠭᠠᠨ ᠠᠬᠢᠭᠤᠯᠤᠨ ᠨᠠᠶᠢᠳᠠᠪᠤᠷᠢᠵᠢᠭᠤᠯᠬᠤ ᠶᠢ ᠪᠠᠷᠢᠮᠲᠠᠯᠠᠨ᠂ ᠭᠤᠣᠯ ᠬᠠᠷᠢᠭᠤᠴᠠᠯᠭᠠᠲᠠᠨ ᠡᠷᠬᠡᠪᠰᠢ ᠪᠡᠶ᠎ᠡ ᠪᠠᠷ ᠢᠶᠠᠨ ᠰᠤᠳᠤᠯᠵᠤ ᠪᠠᠶᠢᠷᠢᠯᠠᠭᠤᠯᠤᠨ ᠠᠬᠢᠭᠤᠯᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ  ᠴᠢᠩᠭᠠᠳᠬᠠᠨ᠂ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠨ ᠠᠬᠢᠭᠤᠯᠵᠤ᠂ ︽ᠳᠥᠷᠪᠡᠨ ᠪᠠᠲᠤᠯᠠᠭ᠎ᠠ︾ ᠪᠠᠷ ᠭᠤᠣᠯᠳᠠᠯᠭ᠎ᠠ ᠪᠣᠯᠭᠠᠭᠰᠠᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠣᠭᠲᠠᠯᠴᠠᠭ᠎ᠠ ᠶᠢ ᠲᠠᠰᠤᠷᠠᠯᠲᠠ ᠦᠭᠡᠢ ᠪᠠᠶᠢᠭᠤᠯᠤᠨ ᠲᠡᠭᠦᠯᠳᠡᠷᠵᠢᠭᠦᠯᠦᠨ᠎ᠡ᠃      ︵ᠬᠤᠶᠠᠷ︶ ᠪᠡᠯᠡ ᠮᠥᠩᠭᠦᠨ ᠤ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠬᠤᠯᠪᠣᠭᠳᠠᠯ ᠪᠦᠬᠦᠢ ᠪᠠᠶᠢᠭᠤᠯᠭ᠎ᠠ ᠶᠢᠨ ᠬᠢᠨ ᠤᠰᠤ ᠴᠠᠬᠢᠯᠭᠠᠨ ᠬᠡᠢ ᠳᠤᠯᠠᠭᠠᠯᠭ᠎ᠠ ᠶᠢᠨ ᠡᠵᠡᠩᠨᠡᠯᠲᠡ ᠶᠢᠨ ᠨᠢᠭᠡᠴᠢ ᠶᠢᠨ ᠡᠯ᠎ᠡ ᠲᠦᠷᠦᠯ ᠤᠨ ᠬᠠᠭᠤᠴᠢᠨ ᠥᠷᠢ ᠰᠢᠷᠢ ᠶᠢᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠰᠢᠢᠳᠪᠦᠷᠢᠯᠡᠵᠦ᠂ ᠡᠵᠡᠩᠨᠡᠯᠲᠡ ᠶᠢᠨ ᠪᠡᠯᠡ ᠮᠥᠩᠭᠦ ᠶᠢ ᠡᠮᠬᠢ ᠵᠢᠷᠤᠮ ᠲᠠᠢ ᠡᠷᠭᠢᠯᠳᠦᠭᠦᠯᠬᠦ᠂ ᠵᠢᠷᠤᠮᠵᠢᠯ ᠲᠠᠢ ᠬᠡᠷᠡᠭᠯᠡᠬᠦ ᠰᠠᠶᠢᠨ ᠡᠷᠭᠢᠯᠲᠡ ᠶᠢᠨ ᠵᠠᠭᠪᠤᠷ ᠢ ᠪᠠᠶᠢᠭᠤᠯᠤᠨ᠂ ᠠᠷᠠᠳ ᠤᠨ ᠠᠮᠢᠳᠤᠷᠠᠯ ᠤᠨ ᠠᠵᠢᠯ ᠲᠦᠷᠦᠯ ᠤᠨ ᠤᠷᠳᠤ ᠬᠤᠭᠤᠴᠠᠭ᠎ᠠ ᠪᠠᠷ ᠡᠷᠡᠭᠦᠯ ᠢᠶᠠᠷ ᠬᠥᠭᠵᠢᠬᠦ ᠶᠢ ᠪᠠᠲᠤᠯᠠᠨ᠎ᠠ᠃ ᠡᠯ᠎ᠡ  ᠲᠦᠷᠦᠭᠦᠯᠡᠨ ᠬᠢᠬᠦ ᠪᠠᠶᠢᠭᠤᠯᠭ᠎ᠠ ᠨᠤᠭᠤᠳ ᠲᠥᠷᠥᠯ ᠵᠦᠢᠯ ᠪᠣᠯᠭᠠᠨ ᠬᠠᠮᠢᠶᠠᠷᠬᠤ ᠰᠡᠳᠬᠢᠬᠦᠢ ᠶᠢ ᠪᠠᠷᠢᠮᠲᠠᠯᠠᠵᠤ᠂ ᠲᠥᠪ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠱᠠᠲᠤᠨ ᠤ ᠪᠡᠯᠡ ᠮᠥᠩᠭᠦᠨ ᠤ ᠳᠡᠮᠵᠢᠯᠭᠡ ᠶᠢ ᠶᠡᠬᠡᠪᠡᠷ ᠴᠢᠷᠮᠠᠶᠢᠨ ᠣᠯᠣᠭᠰᠠᠨ ᠰᠠᠭᠤᠷᠢᠨ ᠳᠡᠭᠡᠷ᠎ᠡ᠂ ᠣᠯᠠᠨ ᠬᠡᠯᠪᠡᠷᠢ ᠮᠠᠶ᠋ᠢᠭ᠂ ᠣᠯᠠᠨ ᠠᠷᠭ᠎ᠠ ᠵᠠᠮ ᠤᠨ ᠪᠡᠯᠡ ᠮᠥᠩᠭᠦ ᠴᠤᠭᠯᠠᠭᠤᠯᠬᠤ ᠠᠷᠭ᠎ᠠ ᠵᠠᠮ ᠢ ᠢᠳᠡᠪᠬᠢᠲᠡᠢ ᠬᠠᠶᠢᠨ ᠰᠦᠪᠡᠭᠴᠢᠯᠡᠵᠦ᠂ ᠠᠷᠠᠳ ᠤᠨ ᠠᠮᠢᠳᠤᠷᠠᠯ ᠳᠤ ᠬᠤᠯᠪᠣᠭᠳᠠᠬᠤ ᠤᠰᠤ ᠴᠠᠬᠢᠯᠭᠠᠨ ᠬᠡᠢ ᠳᠤᠯᠠᠭᠠᠯᠠᠭ᠎ᠠ ᠵᠢᠴᠢ ᠢᠵᠢ ᠲᠦᠬᠦᠷ ᠢᠨᠵᠧᠨᠧᠷᠢᠩ ᠢ ᠪᠣᠳᠠᠲᠠᠢ ᠨᠠᠶᠢᠳᠠᠪᠤᠷᠢᠵᠢᠭᠤᠯᠬᠤ ᠶᠢ ᠪᠦᠲᠦᠮᠵᠢᠲᠡᠶ ᠪᠠᠲᠤᠯᠠᠨ᠎ᠠ᠃ ᠲᠥᠰᠥᠯ ᠳᠠᠬᠢ ᠳᠤᠯᠠᠭᠠᠯᠠᠭ᠎ᠠ ᠬᠠᠩᠭᠠᠬᠤ ᠰᠢᠰᠲ᠋ᠧᠮ ᠵᠢᠴᠢ ᠬᠤᠭᠤᠯᠠᠢ ᠲᠣᠣᠷ ᠤᠨ ᠥᠭᠡᠷᠡᠴᠢᠯᠡᠯᠲᠡ ᠵᠢᠴᠢ ᠡᠯ᠎ᠡ ᠲᠥᠷᠥᠯ ᠤᠨ ᠲᠤᠰᠬᠠᠢ ᠲᠥᠯᠦᠪᠵᠢᠭᠦᠯᠭᠡ ᠶᠢᠨ ᠪᠡᠯᠡ ᠮᠥᠩᠭᠦ ᠪᠠ ᠭᠠᠵᠠᠷ ᠳᠣᠣᠷᠠᠬᠢ ᠬᠤᠭᠤᠯᠠᠢ ᠱᠤᠭᠤᠮ ᠤᠨ ᠨᠡᠶᠢᠳᠡᠮ ᠤᠨ ᠪᠠᠶᠢᠴᠠᠭᠠᠯᠲᠠ ᠲᠠᠢ ᠬᠤᠯᠪᠣᠭᠳᠠᠭᠰᠠᠨ ᠵᠠᠷᠤᠳᠠᠯ ᠢ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠴᠠ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠪᠠᠲᠤᠯᠠᠨ᠎ᠠ᠃      ︵ᠭᠤᠷᠪᠠ︶ ᠬᠢᠨᠠᠯᠲᠠ ᠲᠠᠯᠪᠢᠵᠤ ᠬᠢᠨᠠᠨ ᠰᠢᠯᠭᠠᠷᠠᠭᠤᠯᠬᠤ ᠶᠢ ᠠᠬᠢᠭᠤᠯᠤᠨ᠎ᠠ᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠳᠤᠯᠠᠭᠠᠨ ᠢᠨᠵᠧᠨᠧᠷᠢᠩ ᠢ ᠬᠡᠷᠡᠭᠵᠢᠭᠦᠯᠬᠦ ᠪᠠᠷ ᠠᠵᠠ ᠲᠣᠬᠢᠶᠠᠯ ᠪᠣᠯᠭᠠᠵᠤ᠂ ︽ᠳᠥᠷᠪᠡᠨ ᠪᠠᠲᠤᠯᠠᠭ᠎ᠠ︾ ᠶᠢ ᠵᠠᠮ ᠬᠠᠷᠢᠯᠴᠠᠭ᠎ᠠ᠂ ᠮᠡᠳᠡᠭᠡ ᠵᠠᠩᠭᠢ ᠴᠢᠮᠡᠭᠡ ᠬᠤᠯᠪᠣᠭ᠎ᠠ ᠵᠡᠷᠭᠡ ᠠᠷᠠᠳ ᠤᠨ ᠠᠮᠢᠳᠤᠷᠠᠯ ᠤᠨ ᠬᠦᠷᠢᠶ᠎ᠡ ᠬᠡᠪᠴᠢᠶᠡᠨ ᠳᠤ ᠣᠷᠣᠭᠤᠯᠤᠨ᠂ ᠠᠰᠠᠭᠤᠳᠠᠯ ᠤᠨ ᠡᠬᠡ ᠲᠠᠩᠰᠠ  ᠪᠠᠶᠢᠭᠤᠯᠵᠤ᠂ ᠴᠠᠭ ᠲᠤᠬᠠᠢ ᠳᠤᠨᠢ ᠰᠢᠢᠳᠪᠦᠷᠢᠯᠡᠬᠦ ᠶᠢ ᠠᠬᠢᠭᠤᠯᠤᠨ᠂ ᠤᠷᠢᠳᠴᠢᠯᠠᠨ ᠰᠡᠷᠭᠡᠶᠢᠯᠡᠨ᠎ᠡ᠃ ᠡᠭᠦᠨ ᠤ ᠬᠠᠮᠲᠤ᠂ ᠣᠯᠠᠨ ᠲᠦᠮᠡᠨ ᠤ ᠲᠤᠰᠬᠠᠯ ᠢᠶᠠᠷ ᠨᠡᠯᠢᠶᠡᠳ ᠴᠢᠩᠭ᠎ᠠ᠂ ᠣᠷᠳᠣ ᠬᠤᠭᠤᠴᠠᠭ᠎ᠠ ᠪᠠᠷ ᠰᠢᠢᠳᠪᠦᠷᠢᠯᠡᠬᠦ ᠶᠢᠨ ᠠᠷᠭ᠎ᠠ ᠦᠭᠡᠢ ᠠᠰᠠᠭᠤᠳᠠᠯ ᠢ ᠭᠤᠣᠯᠳᠠᠯᠭ᠎ᠠ ᠲᠠᠢ ᠠᠩᠬᠠᠷᠤᠨ ᠱᠠᠭᠠᠷᠳᠠᠨ ᠰᠢᠢᠳᠪᠦᠷᠢᠯᠡᠭᠦᠯᠵᠦ᠂ ᠠᠰᠠᠭᠤᠳᠠᠯ ᠤᠨ ᠠᠷᠤ ᠳᠠᠬᠢ ᠠᠵᠢᠯ ᠬᠢᠬᠦ ᠦᠭᠡᠢ᠂ ᠤᠳᠠᠭᠠᠨ ᠬᠢᠬᠦ᠂ ᠳᠤᠷ᠎ᠠ ᠪᠠᠷ ᠢᠶᠠᠨ ᠬᠢᠬᠦ ᠦᠵᠡᠭᠳᠡᠯ ᠢ ᠴᠢᠩᠭ᠎ᠠ ᠰᠢᠢᠳᠬᠡᠨ᠎ᠡ᠃      ︵ᠳᠥᠷᠪᠡ︶ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠨ᠎ᠠ᠃ ᠡᠯ᠎ᠡ ᠬᠠᠮᠢᠶ᠎ᠠ ᠪᠦᠬᠦᠢ ᠪᠠᠶᠢᠭᠤᠯᠭ᠎ᠠ ᠢᠨᠵᠧᠨᠧᠷᠢᠩ ᠤᠨ ᠬᠡᠷᠡᠭᠵᠢᠭᠦᠯᠦᠯᠲᠡ ᠶᠢ ᠠᠬᠢᠭᠤᠯᠬᠤ ᠤᠬᠠᠭᠤᠯᠭ᠎ᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠲᠡᠷᠢᠭᠦᠨ ᠤ ᠭᠠᠵᠠᠷ ᠣᠷᠣᠨ ᠤ ᠠᠵᠢᠯ ᠲᠥᠷᠥᠯ ᠤᠨ ᠨᠡᠶᠢᠲᠡᠯᠢᠭ ᠲᠤᠷᠰᠢᠯᠭ᠎ᠠ ᠠᠷᠭ᠎ᠠ ᠪᠠᠷᠢᠯ ᠢ ᠢᠳᠡᠪᠬᠢᠲᠡᠢ ᠳᠡᠯᠭᠡᠷᠡᠭᠦᠯᠦᠨ᠂ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ᠂ ᠮᠡᠳᠡᠯᠭᠡ ᠶᠢᠨ ᠲᠦᠭᠡᠮᠡᠯᠵᠢᠭᠦᠯᠦᠯᠲᠡ ᠶᠢᠨ ᠬᠡᠮᠵᠢᠶ᠎ᠡ ᠪᠠ ᠣᠶᠢᠯᠠᠭᠠᠬᠤ ᠨᠣᠷᠮ᠎ᠠ ᠶᠢ ᠳᠡᠭᠡᠭᠰᠢᠯᠡᠭᠦᠯᠵᠦ᠂ ᠣᠯᠠᠨ ᠲᠦᠮᠡᠨ ᠤ ᠣᠶᠢᠯᠠᠭᠠᠯᠲᠠ᠂ ᠵᠥᠪᠰᠢᠶᠡᠷᠡᠯ ᠪᠠ ᠳᠡᠮᠵᠢᠯᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠴᠢᠷᠮᠠᠶᠢᠨ ᠣᠯᠣᠨ᠎ᠠ᠃ ᠡᠭᠦᠨ ᠤ ᠬᠠᠮᠲᠤ᠂ ᠨᠡᠶᠢᠭᠡᠮ ᠳᠠᠶᠠᠭᠠᠷ ᠤᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠤᠯᠠᠮ ᠥᠷᠭᠡᠳᠬᠡᠨ ᠰᠢᠯᠤᠭᠤᠳᠬᠠᠵᠤ᠂ ᠤᠯᠠᠨ ᠲᠦᠮᠡᠨ ᠤ ᠬᠦᠴᠢᠷᠳᠡᠯ ᠪᠠ ᠬᠦᠰᠡᠯ ᠱᠠᠭᠠᠷᠳᠠᠯᠭ᠎ᠠ ᠶᠢ ᠴᠠᠭ ᠲᠤᠬᠠᠢ ᠳᠤᠨᠢ ᠢᠯᠡᠷᠡᠭᠦᠯᠦᠨ᠂ ᠲᠣᠬᠢᠲᠠᠢ ᠰᠢᠢᠳᠪᠦᠷᠢᠯᠡᠨ᠎ᠡ᠃        ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ/ ᠲᠠᠶᠢᠯᠤᠮᠵᠢ᠄ ᠣᠲᠤᠭ ᠬᠤᠰᠢᠭᠤᠨ ᠤ ᠳᠤᠯᠠᠭᠠᠨ ᠢᠨᠵᠧᠨᠧᠷᠢᠩ ᠤᠨ ᠬᠡᠷᠡᠭᠵᠢᠭᠦᠯᠬᠦ ᠲᠥᠰᠥᠯ      
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ