ᠲᠠᠪᠤᠨ ᠰᠠᠷ᠎ᠠ ᠶᠢᠨ ᠠᠨᠠᠷ ᠭᠠᠯ ᠮᠡᠲᠦ ᠤᠯᠠᠶᠢᠵᠤ  ᠪᠦᠯᠬᠦᠮᠳᠡᠯ ᠤᠨ ᠴᠡᠴᠡᠭ ᠥᠩᠭᠡ ᠢᠯᠭᠠᠷᠠᠨ ᠳᠡᠯᠭᠡᠷᠡᠨ᠎ᠡ — ᠤᠯᠠᠭᠠᠨᠪᠠᠯᠭᠠᠰᠤᠨ ᠤ ᠢᠦᠢ ᠶᠢᠩ ᠨᠡᠶᠢᠭᠡᠮ ᠲᠣᠭᠤᠷᠢᠭ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ
ᠨᠡᠶᠢᠲᠡᠯᠡᠭᠰᠡᠨ ᠴᠠᠭ᠄
2024/5/10
      ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠣᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠣᠭᠤᠰᠢᠯᠠᠭᠤᠯᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠤᠨ᠂ ᠨᠠᠮ ᠢᠶᠠᠨ ᠳᠠᠭᠠᠬᠤ ᠶᠢ ᠬᠥᠲᠥᠯᠥᠨ ᠵᠢᠯᠣᠭᠤᠳᠬᠤ ᠶᠢᠨ ᠲᠥᠯᠥᠭᠡ᠂ ᠢᠦᠢ ᠶᠢᠩ ᠨᠡᠶᠢᠭᠡᠮ ᠲᠣᠭᠤᠷᠢᠭ ᠦᠨᠳᠦᠰᠦᠲᠡᠨ ᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃      ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠬᠠᠮᠲᠤ ᠪᠠᠷ ᠰᠤᠷᠤᠯᠴᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠢᠦᠢ ᠶᠢᠩ ᠨᠡᠶᠢᠭᠡᠮ ᠲᠣᠭᠤᠷᠢᠭ ᠤᠨ ᠠᠵᠢᠯᠲᠠᠳ ᠦᠨᠳᠦᠰᠦᠲᠡᠨ ᠨᠦᠭᠦᠳ ᠤᠨ ᠤᠯᠠᠨ ᠲᠦᠮᠡᠨ ᠲᠠᠢ ᠬᠠᠮᠲᠤ ᠪᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠳᠦᠷᠢᠮ︾ ᠢ ᠰᠤᠷᠤᠯᠴᠠᠭᠰᠠᠨ ᠪᠥᠭᠡᠳ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ ᠳᠡᠪᠲᠡᠷ ᠵᠢᠴᠢ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠶᠢᠨ ᠤᠷᠢᠶ᠎ᠠ ᠯᠣᠽᠦ᠋ᠩ ᠳᠠᠷᠤᠮᠠᠯᠯᠠᠭᠰᠠᠨ ᠥᠴᠥᠬᠡᠨ ᠪᠡᠯᠡᠭ ᠢ ᠲᠠᠷᠬᠠᠭᠠᠨ᠂ ᠰᠠᠭᠤᠭᠠᠯᠢ ᠠᠷᠠᠳ ᠲᠤ ᠦᠨᠳᠦᠰᠦᠲᠡᠨ ᠤ ᠪᠦᠯᠬᠦᠮᠳᠡᠯ ᠢ ᠴᠢᠩᠭᠠᠳᠬᠠᠬᠤ᠂ ᠬᠠᠤᠯᠢ ᠪᠠᠷ ᠵᠠᠰᠠᠬᠤ ᠦᠵᠡᠯᠲᠡ ᠪᠠᠨ ᠴᠢᠩᠭᠠᠳᠬᠠᠬᠤ ᠶᠢᠨ ᠴᠢᠬᠤᠯᠠ ᠴᠢᠨᠠᠷ ᠢ ᠣᠶᠢᠯᠠᠭᠠᠭᠤᠯᠪᠠ᠃      ᠦᠨᠳᠦᠰᠦᠲᠡᠨ ᠤ ᠪᠦᠯᠬᠦᠮᠳᠡᠯ ᠤᠨ ᠵᠢᠷᠤᠭ ᠢ ᠬᠠᠮᠲᠤ ᠪᠠᠷ ᠵᠢᠷᠤᠪᠠ᠃ ᠠᠵᠢᠯᠯᠠᠭ᠎ᠠ ᠳᠤ ᠨᠡᠶᠢᠭᠡᠮ ᠲᠣᠭᠤᠷᠢᠭ ᠤᠨ ᠬᠢᠨ ︽ᠮᠢᠨᠤ ᠰᠡᠳᠬᠢᠯ ᠳᠠᠬᠢ ᠪᠦᠯᠬᠦᠮᠳᠡᠯ ᠤᠨ ᠴᠡᠴᠡᠭ︾ ᠢᠶᠠᠷ ᠭᠤᠣᠯ ᠰᠡᠳᠦᠪ ᠪᠣᠯᠭᠠᠵᠤ᠂ ᠲᠤᠬᠠᠢ ᠶᠢᠨ ᠲᠠᠯᠠᠪᠤᠷ ᠤᠨ ᠰᠠᠭᠤᠭᠠᠯᠢ ᠠᠷᠠᠳ ᠤᠨ ᠦᠨᠳᠦᠰᠦᠲᠡᠨ ᠨᠦᠭᠦᠳ ᠤᠨ ᠣᠨᠴᠠᠯᠢᠭ ᠲᠠᠢ ᠬᠡ ᠤᠭᠠᠯᠵᠠ ᠪᠠᠷ ᠰᠠᠭᠤᠷᠢᠯᠠᠭᠤᠯᠤᠨ᠂ ᠥᠪᠡᠷ ᠤᠨ ᠰᠡᠳᠬᠢᠯ ᠳᠠᠬᠢ ᠪᠦᠯᠬᠦᠮᠳᠡᠯ ᠤᠨ ᠴᠡᠴᠡᠭ ᠵᠢᠷᠤᠬᠤ ᠶᠢ ᠵᠢᠯᠣᠭᠤᠳᠴᠤ᠂ ᠦᠨᠳᠦᠰᠦᠲᠡᠨ ᠨᠦᠭᠦᠳ ᠤᠨ ᠢᠵᠢᠯᠢ ᠲᠥᠪᠲᠦ ᠲᠣᠭᠤᠷᠢᠭ ᠢ ᠬᠠᠮᠲᠤ ᠪᠠᠷ ᠵᠢᠷᠤᠭᠯᠠᠨ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠴᠡᠴᠡᠭ ᠢ ᠳᠤᠮᠳᠠᠳᠤ ᠶᠢᠨ ᠨᠤᠲᠤᠭ ᠳᠡᠪᠢᠰᠬᠡᠷ ᠳᠡᠭᠡᠷ᠎ᠡ ᠨᠡᠩ ᠣᠯᠠᠨ ᠳᠡᠯᠭᠡᠷᠡᠭᠦᠯᠪᠡ᠃      ᠦᠨᠳᠦᠰᠦᠲᠡᠨ ᠤ ᠪᠦᠯᠬᠦᠮᠳᠡᠯ ᠤᠨ ᠴᠡᠴᠡᠭ ᠢ ᠬᠠᠮᠲᠤᠪᠠᠷ ᠬᠠᠳᠬᠤᠪᠠ᠃ ᠠᠵᠢᠯᠯᠠᠭ᠎ᠠ ᠳᠤᠮᠳᠠ᠂ ᠪᠠᠭᠰᠢ ᠴᠡᠴᠡᠭ ᠤᠨ ᠭᠠᠳᠠᠷ ᠳᠦᠷᠰᠦ ᠶᠢᠨ ᠣᠨᠴᠠᠯᠢᠭ᠂ ᠥᠩᠭᠡ ᠪᠤᠳᠤᠭ᠂ ᠵᠣᠬᠢᠴᠠᠯᠳᠤᠯ ᠵᠡᠷᠭᠡ ᠰᠠᠭᠤᠷᠢ ᠮᠡᠳᠡᠯᠭᠡ ᠶᠢ ᠵᠢᠭᠠᠵᠤ᠂ ︽ᠠᠨᠠᠷ ᠤᠨ ᠦᠷ᠎ᠡ︾ ᠭᠡᠬᠦ ᠭᠤᠣᠯ ᠰᠡᠳᠦᠪᠲᠦ ᠴᠡᠴᠡᠭ ᠤᠨ ᠪᠠᠭᠴᠠ ᠳᠤ ᠴᠢᠭᠯᠡᠭᠦᠯᠦᠨ ᠲᠤᠬᠠᠢ ᠶᠢᠨ ᠲᠠᠯᠠᠪᠤᠷ ᠲᠤ ᠴᠡᠴᠡᠭ ᠬᠠᠳᠬᠤᠬᠤ ᠶᠢ ᠪᠡᠶ᠎ᠡ ᠪᠠᠷ ᠢᠶᠠᠨ ᠬᠢᠵᠦ ᠦᠵᠡᠭᠦᠯᠪᠡ᠃ ᠰᠠᠷᠭᠠᠢ᠂ ᠠᠩᠭᠢᠯᠤᠮ᠎ᠠ ᠪᠠᠱᠠᠭ᠎ᠠ ᠵᠡᠷᠭᠡ ᠤᠯᠠᠨ ᠵᠦᠢᠯ ᠤᠨ ᠴᠡᠴᠡᠭ ᠤᠨ ᠮᠠᠲ᠋ᠧᠷᠢᠶᠠᠯ ᠢ ᠬᠠᠶᠢᠴᠢᠯᠠᠨ᠂ ᠰᠠᠯᠠᠭ᠎ᠠ ᠨᠠᠮᠠᠭ᠎ᠠ ᠶᠢ ᠨᠢ ᠵᠠᠰᠠᠵᠤ᠂ ᠠᠳᠠᠯᠢ ᠪᠤᠰᠤ ᠥᠩᠭᠡ ᠪᠤᠳᠤᠭ᠂ ᠬᠡᠯᠪᠡᠷᠢ ᠳᠦᠷᠰᠦ ᠪᠠᠷ ᠨᠢ ᠲᠡᠰ ᠳᠠᠪᠬᠤᠷᠭ᠎ᠠ ᠲᠠᠢ ᠪᠠᠷ ᠲᠠᠭᠠᠷᠠᠭᠤᠯᠤᠭᠠᠳ ᠦᠨᠳᠦᠰᠦᠲᠡᠨ ᠨᠦᠭᠦᠳ ᠶᠠᠭ ᠠᠨᠠᠷ ᠤᠨ ᠦᠷ᠎ᠡ ᠰᠢᠭ ᠨᠢᠭᠲᠠ ᠲᠡᠪᠡᠷᠢᠯᠳᠦᠵᠦ ᠪᠠᠶᠢᠬᠤ ᠶᠢ ᠪᠡᠯᠭᠡᠳᠡᠭᠰᠡᠨ ᠲᠦᠷᠰᠦ ᠶᠢ ᠪᠦᠲᠦᠭᠡᠪᠡ︕ ᠡᠨᠡ ᠨᠢ ᠳᠤᠮᠳᠠᠳᠤ ᠶᠢᠨ ᠦᠨᠳᠦᠰᠦᠲᠡᠨ ᠤ ᠶᠡᠭᠡ ᠭᠡᠷ ᠪᠦᠯᠢ᠂ ᠦᠨᠳᠦᠰᠦᠲᠡᠨ ᠨᠦᠭᠦᠳ ᠬᠠᠮᠲᠤ ᠪᠠᠷ ᠬᠥᠭᠵᠢᠵᠦ᠂ ᠬᠠᠮᠲᠤ ᠪᠠᠷ ᠴᠡᠴᠡᠭᠯᠡᠨ ᠬᠥᠭᠵᠢᠬᠦ ᠶᠢ ᠪᠡᠯᠭᠡᠳᠡᠵᠦ ᠪᠠᠶᠢᠳᠠᠭ᠃      ᠲᠤᠰ ᠤᠳᠠᠭᠠᠨ ᠤ ᠠᠵᠢᠯᠯᠠᠭ᠎ᠠ ᠨᠢ ᠨᠠᠭᠠᠳᠤᠮ ᠲᠣᠭᠯᠠᠭᠠᠮ ᠤᠨ ᠳᠤᠮᠳᠠ ᠬᠥᠮᠥᠵᠢᠭᠦᠯᠬᠦ ᠬᠡᠯᠪᠡᠷᠢ ᠪᠠᠷ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠦᠨᠳᠦᠰᠦᠲᠡᠨ ᠤ ᠪᠦᠯᠬᠦᠮᠳᠡᠯ ᠤᠨ ᠲᠤᠬᠠᠢ ᠲᠠᠨᠢᠯᠲᠠ ᠪᠠ ᠣᠶᠢᠯᠠᠭᠠᠯᠲᠠ ᠶᠢ ᠭᠦᠨᠵᠡᠭᠡᠶᠢᠷᠡᠭᠦᠯᠪᠡ᠃ ᠳᠠᠷᠠᠭᠠᠴᠢ ᠶᠢᠨ ᠠᠯᠬᠤᠮ ᠳᠤ᠂ ᠢᠦᠢ ᠶᠢᠩ ᠨᠡᠶᠢᠭᠡᠮ ᠲᠣᠭᠤᠷᠢᠭ ᠡᠯ᠎ᠡ ᠲᠦᠷᠦᠯ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠠᠰᠤᠷᠠᠯᠳᠡ ᠦᠭᠡᠢ ᠪᠠᠲᠤᠳᠬᠠᠨ᠎ᠠ᠃ 
ᠢᠷᠡᠯᠲᠡ᠄ ᠤᠯᠠᠭᠠᠨᠪᠠᠯᠭᠠᠰᠤ