︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠤᠨ᠂ ᠨᠠᠮ ᠢᠶᠠᠨ ᠳᠠᠭᠠᠨ᠎ᠠ︾ ᠴᠢ ᠫᠠᠨ ᠵᠢᠩ ᠪᠠᠯᠭᠠᠰᠤᠨ ᠤ ᠦᠵᠦᠭᠦᠷ ᠨᠡᠶᠢᠭᠡᠮ ᠲᠣᠭᠤᠷᠢᠭ ︽ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠪᠠᠷ ᠬᠥᠮᠥᠰ ᠤᠨ ᠰᠡᠳᠬᠢᠯ ᠢ ᠳᠤᠯᠠᠭᠠᠴᠠᠭᠤᠯᠵᠤ᠂ ᠨᠡᠶᠢᠭᠡᠮ ᠲᠣᠭᠤᠷᠢᠭ ᠤᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/5/10
      ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠤᠨ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠪᠣᠳᠠᠲᠤ ᠠᠮᠵᠢᠯᠲᠠ ᠣᠯᠬᠤ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠤᠯᠠᠮ ᠪᠠᠲᠤ ᠴᠣᠭᠴᠠᠯᠠᠨ᠂ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯᠯᠠᠭᠴᠢ ᠬᠥᠲᠥᠯᠥᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠨᠠᠮ ᠤᠨ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ ᠤᠬᠠᠭᠤᠯᠵᠤ ᠲᠣᠭᠤᠰᠢᠯᠠᠭᠤᠯᠤᠨ᠂ ᠠᠷᠠᠳ ᠲᠦᠮᠡᠨ ᠳᠤ ᠨᠡᠩ ᠰᠠᠶᠢᠨ ᠨᠡᠩ ᠪᠦᠲᠦᠮᠵᠢᠲᠡᠢ ᠦᠢᠯᠡᠴᠢᠯᠡᠭᠡ ᠬᠠᠩᠭᠠᠬᠤ ᠶᠢᠨ ᠲᠥᠯᠥᠭᠡ᠂ ᠦᠵᠦᠭᠦᠷ ᠨᠡᠶᠢᠭᠡᠮ ᠲᠣᠭᠤᠷᠢᠭ ᠲᠦᠷᠦ ᠶᠢᠨ ᠪᠣᠳᠣᠯᠭ᠎ᠠ ᠶᠢ ᠵᠥᠪᠳᠡᠯᠴᠡᠵᠦ᠂ ᠬᠤᠪᠢᠷᠠᠯᠲᠠ ᠶᠢ ᠡᠷᠭᠢᠴᠡᠭᠦᠯᠦᠨ᠂ ᠵᠣᠯ ᠵᠢᠷᠭᠠᠯ ᠢ ᠬᠠᠮᠲᠤ ᠪᠠᠷ ᠡᠳ᠋ᠯᠡᠬᠦ ᠭᠤᠣᠯ ᠰᠡᠳᠦᠪᠲᠦ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠪᠡ᠃      ︽ᠤᠯᠠᠭᠠᠨ ᠠᠨᠠᠷ︾ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠬᠢᠨ ᠳᠥᠭᠦᠮ ᠣᠶᠢᠯᠠᠭᠠᠮᠵᠢᠲᠠᠢ ᠦᠭᠡ ᠶᠠᠷᠢᠶ᠎ᠠ᠂ ︽ᠵᠣᠭᠤᠭᠳᠠᠬᠤ︾ ᠪᠠ ᠰᠢᠭᠤᠳ ᠨᠡᠪᠲᠡᠷᠡᠭᠦᠯᠬᠦ ᠣᠯᠠᠨ ᠵᠦᠢᠯ ᠤᠨ ᠬᠡᠯᠪᠡᠷᠢ ᠪᠠᠷ ᠰᠠᠭᠤᠭᠠᠯᠢ ᠠᠷᠠᠳ ᠲᠤ ᠮᠠᠨ ᠤ ᠬᠤᠲᠠ ᠶᠢᠨ ᠬᠤᠶᠠᠷ ᠬᠡᠦᠬᠡᠳ᠂ ᠭᠤᠷᠪᠠᠨ ᠬᠡᠦᠬᠡᠳ ᠠᠪᠤᠭᠰᠠᠨ ᠦᠷᠡᠵᠢᠯ ᠤᠨ ᠨᠥᠬᠦᠪᠦᠷᠢ᠂ ᠡᠮᠴᠢᠯᠡᠭᠡᠨ ᠤ ᠳᠠᠭᠠᠳᠬᠠᠯ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠪᠤᠷᠢ᠂ ᠵᠡᠮᠳᠡᠭᠴᠦᠳ ᠤᠨ ᠪᠠᠲᠤᠯᠠᠭ᠎ᠠ ᠵᠡᠷᠭᠡ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠮᠡᠳᠡᠯᠭᠡ ᠶᠢ ᠲᠠᠶᠢᠯᠪᠤᠷᠢᠯᠠᠨ ᠥᠭᠴᠦ᠂ ᠳᠤᠯᠠᠭᠠᠨ ᠬᠤᠲᠠ ᠶᠢᠨ ᠬᠠᠷᠠᠭᠠᠯᠵᠠᠯᠲᠤ ᠲᠥᠷᠥ ᠶᠢᠨ ᠪᠣᠳᠣᠯᠭ᠎ᠠ᠂ ᠰᠡᠳᠬᠢᠯ ᠢ ᠳᠤᠯᠠᠭᠠᠯᠠᠬᠤ ᠦᠢᠯᠡᠴᠢᠯᠡᠭᠡ ᠶᠢ ᠠᠷᠠᠳ ᠤᠨ ᠰᠡᠳᠬᠢᠯ ᠳᠤ ᠨᠠᠩ ᠭᠦᠨ ᠬᠠᠳᠠᠩᠰᠢᠭᠤᠯᠵᠠᠢ᠃ ᠣᠲᠣ ᠪᠣᠯᠲᠠᠯ᠎ᠠ᠂ ᠦᠵᠦᠭᠦᠷ ᠨᠡᠶᠢᠭᠡᠮ ᠲᠣᠭᠤᠷᠢᠭ ᠲᠤ ᠨᠢᠭᠡᠨᠲᠡ 78 ᠲᠠᠯᠠᠪᠤᠷ ᠰᠢᠭᠤᠳ ᠨᠡᠪᠲᠡᠷᠡᠭᠦᠯᠭᠡ ᠥᠷᠨᠢᠭᠦᠯᠵᠦ᠂ 14600 ᠭᠠᠷᠤᠢ ᠬᠥᠮᠥᠨ ᠰᠢᠭᠤᠳ ᠨᠡᠪᠲᠡᠷᠡᠭᠦᠯᠭᠡ ᠪᠠᠷ ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠭᠤᠶᠤᠴᠢᠯᠠᠬᠤ ᠶᠠᠪᠤᠴᠠ ᠶᠢ ᠨᠠᠷᠢᠨ ᠣᠶᠢᠯᠠᠭᠠᠨ᠂ ᠰᠢᠭᠤᠳ ᠨᠡᠪᠲᠡᠷᠡᠭᠦᠯᠭᠡ ᠶᠢᠨ ᠲᠠᠩ ᠲᠠᠯᠠᠪᠤᠷ ᠤᠨ ᠮᠠᠭᠲᠠᠭᠠᠯ ᠣᠯᠣᠭᠰᠠᠨ ᠲᠤᠭ᠎ᠠ 20000 ᠤᠳᠠᠭ᠎ᠠ ᠳᠤ ᠬᠦᠷᠴᠦ᠂ ᠨᠡᠶᠢᠲᠡ 55.2 ᠲᠦᠮᠡᠨ ᠤᠳᠠᠭ᠎ᠠ ᠶᠢᠨ ᠮᠠᠭᠲᠠᠭᠠᠯ ᠢ ᠣᠯᠣᠭᠰᠠᠨ ᠪᠠᠶᠢᠨ᠎ᠠ᠃      ᠰᠠᠭᠤᠭᠠᠯᠢ ᠠᠷᠠᠳ ᠲᠠᠢ ᠬᠠᠮᠲᠤ ᠪᠠᠷ ᠨᠡᠶᠢᠭᠡᠮ ᠤᠨ ᠬᠥᠭᠵᠢᠯᠲᠡ ᠬᠤᠪᠢᠷᠠᠯᠲᠠ ᠶᠢ ᠡᠷᠭᠢᠴᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠳᠤ ᠥᠨᠥᠳᠥᠷ ᠤᠨ ᠵᠣᠯ ᠵᠢᠷᠭᠠᠯᠲᠤ ᠠᠮᠢᠳᠤᠷᠠᠯ ᠨᠢ ᠨᠠᠮ ᠤᠨ ᠰᠠᠶᠢᠨ ᠲᠦᠷᠦ ᠶᠢᠨ ᠪᠣᠳᠣᠯᠭ᠎ᠠ ᠠᠴᠠ ᠰᠠᠯᠵᠤ ᠴᠢᠳᠠᠬᠤ ᠦᠭᠡᠢ ᠭᠡᠳᠡᠭ ᠢ ᠪᠠᠲᠤ ᠴᠡᠭᠡᠵᠢᠯᠡᠭᠦᠯᠪᠡ᠃ ᠰᠠᠭᠤᠭᠠᠯᠢ ᠠᠷᠠᠳ ᠴᠤ ᠳᠡᠷᠭᠡᠳᠡᠬᠢ ᠦᠵᠡᠵᠦ ᠰᠣᠨᠣᠰᠤᠭᠰᠠᠨ ᠢᠶᠠᠨ ᠤᠷᠮᠠᠲᠠᠢ ᠶᠠᠷᠢᠵᠠᠭᠠᠵᠤ᠂ ᠪᠣᠳᠣᠯ ᠰᠠᠨᠠᠯ ᠢᠶᠠᠨ ᠳᠡᠯᠭᠡᠨ᠎ᠡ᠂ ︽ᠥᠩᠭᠡᠷᠡᠭᠰᠡᠨ ᠳᠤ ᠥᠲᠡᠯᠦᠭᠡ ᠨᠠᠰᠤᠨ ᠳᠠᠭᠠᠨ ᠲᠦᠰᠢᠭ ᠦᠭᠡᠢ᠂ ᠠᠰᠠᠷᠠᠨ ᠬᠠᠷᠠᠭᠠᠯᠵᠠᠭᠤᠯᠬᠤ ᠭᠠᠵᠠᠷ ᠦᠭᠡᠢ ᠪᠠᠶᠢᠭᠰᠠᠨ ᠠᠴᠠ ᠪᠠᠨ ᠤᠳᠤ ᠥᠲᠡᠯᠦᠭᠡ ᠨᠠᠰᠤᠨ ᠳᠠᠭᠠᠨ ᠡᠮᠨᠡᠭᠦᠯᠬᠦ ᠭᠠᠵᠡᠷ ᠲᠠᠢ᠂ ᠬᠠᠷᠠᠭᠠᠯᠵᠠᠭᠤᠯᠬᠤ ᠭᠠᠵᠠᠷ ᠲᠠᠢ ᠪᠣᠯᠣᠭᠰᠠᠨ︾᠂ ︽ᠲᠤᠬᠠᠢ ᠶᠢᠨ ᠦᠶ᠎ᠡ ᠳᠤ ᠲᠠᠷᠢᠶᠠᠯᠠᠩ ᠤᠨ ᠭᠠᠶᠢᠯᠢ ᠲᠠᠲᠠᠪᠤᠷᠢᠯᠠᠵᠤ ᠤᠷᠢᠳᠠᠪᠠᠷ ᠤᠯᠤᠰ ᠢ ᠪᠠᠲᠤᠯᠠᠨ ᠳᠠᠷᠠᠭ᠎ᠠ  ᠨᠢ ᠭᠡᠷ ᠪᠦᠯᠢ ᠶᠢ ᠪᠠᠲᠤᠯᠠᠵᠤ ᠪᠠᠶᠢᠭᠰᠠᠨ ᠠᠴᠠ ᠤᠳᠤ ᠲᠠᠷᠢᠶᠠᠯᠠᠩ ᠤᠨ ᠨᠥᠬᠦᠪᠦᠷᠢ ᠲᠠᠢ ᠪᠣᠯᠵᠤ᠂ ᠤᠯᠤᠰ ᠠᠴᠠ ᠨᠥᠬᠦᠪᠦᠷᠢ ᠥᠭᠬᠦ ᠪᠣᠯᠣᠭᠰᠠᠨ︾᠂ ︽ᠤᠳᠤ ᠶᠢᠨ ᠨᠠᠮ ᠤᠨ ᠲᠦᠷᠦ ᠶᠢᠨ ᠪᠣᠳᠣᠯᠭ᠎ᠠ ᠶᠢᠨ ᠲᠤᠶᠠᠭᠠᠷᠠᠯ ᠢᠶᠠᠷ ᠨᠡᠶᠢᠭᠡᠮ ᠲᠣᠭᠤᠷᠢᠭ ᠤᠨ ᠠᠮᠢᠳᠤᠷᠠᠯ ᠳᠥᠭᠦᠮ ᠳᠥᠲᠡ᠂ ᠦᠢᠯᠡᠴᠢᠯᠡᠭᠡ ᠰᠢᠯᠢᠳᠡᠭ ᠰᠠᠶᠢᠨ ᠪᠣᠯᠵᠦ᠂ ᠤᠯᠠᠨ ᠢᠶᠠᠷ ᠢᠶᠠᠨ ᠴᠥᠮ ᠰᠡᠳᠬᠢᠯ ᠬᠠᠨᠤᠮᠵᠢᠲᠠᠢ ᠪᠠᠶᠢᠨ᠎ᠠ︾ ᠭᠡᠬᠦ ᠮᠡᠲᠦ ᠶᠢᠨ ᠰᠠᠭᠤᠭᠠᠯᠢ ᠠᠷᠠᠳ ᠤᠨ ᠦᠭᠡ ᠶᠠᠷᠢᠶᠠᠨ ᠳᠤ ᠨᠠᠮ ᠳᠠᠭᠠᠨ  ᠲᠠᠯᠠᠷᠬᠠᠭᠰᠠᠨ ᠰᠡᠳᠬᠢᠯᠭᠡ ᠢᠯᠡᠷᠡᠵᠦ᠂ ᠢᠷᠡᠭᠡᠳᠦᠢ ᠳᠡᠭᠡᠨ ᠨᠡᠩ ᠢᠲᠡᠭᠡᠯ ᠲᠠᠢ ᠪᠠᠶᠢᠯ᠎ᠠ᠃      ᠦᠵᠦᠭᠦᠷ ᠨᠡᠶᠢᠭᠡᠮ ᠲᠣᠭᠤᠷᠢᠭ ᠲᠤ 2 ᠲᠤᠰᠬᠠᠢ ᠨᠡᠶᠢᠭᠡᠮ ᠤᠨ ᠪᠦᠯᠬᠦᠮ ᠲᠣᠬᠢᠷᠠᠭᠤᠯᠵᠤ᠂ ︽ᠨᠡᠶᠢᠭᠡᠮ ᠳᠤ ᠦᠢᠯᠡᠴᠢᠯᠡᠬᠦ᠂ ᠨᠡᠶᠢᠭᠡᠮ ᠲᠣᠭᠤᠷᠢᠭ ᠲᠤ ᠦᠢᠯᠡᠴᠢᠯᠡᠬᠦ︾ ᠣᠶᠢᠯᠠᠭᠠᠭᠳᠠᠬᠤᠨ ᠢᠶᠠᠷ ᠰᠠᠭᠤᠭᠠᠯᠢ ᠠᠷᠠᠳ ᠲᠤ ᠦᠢᠯᠡᠴᠢᠯᠡᠨ᠂ 2022 ᠣᠨ ᠤ 2 ᠳ᠋ᠤᠭᠠᠷ ᠰᠠᠷ᠎ᠠ ᠶᠢᠨ 15 ᠤ ᠡᠳᠦᠷ ︽ᠬᠠᠶᠢᠷ᠎ᠠ ᠬᠠᠯᠠᠮᠵᠢ ᠶᠢᠨ ᠬᠤᠭᠤᠯᠠᠨ ᠭᠡᠷ︾ ᠢ ᠪᠠᠶᠢᠭᠤᠯᠵᠤ᠂ ᠪᠦᠬᠦ ᠪᠠᠯᠭᠠᠰᠤᠨ ᠤ ᠶᠠᠪᠤᠵᠤ ᠰᠠᠭᠤᠬᠤ ᠳᠤ ᠳᠥᠭᠦᠮ ᠦᠭᠡᠢ ᠨᠠᠰᠤᠲᠠᠶᠢᠴᠤᠳ ᠲᠤ ᠬᠠᠶᠢᠷ᠎ᠠ ᠬᠠᠯᠠᠮᠵᠢ ᠶᠢᠨ ᠬᠤᠭᠤᠯᠠ ᠬᠦᠷᠭᠡᠵᠡᠢ᠃ ᠲᠣᠰ ᠵᠢᠯ ᠤᠨ 5 ᠳ᠋ᠤᠭᠠᠷ ᠰᠠᠷ᠎ᠠ ᠳᠤ ᠣᠲᠤᠭ ᠬᠤᠰᠢᠭᠤᠨ ᠤ ᠨᠠᠰᠤᠲᠠᠶᠢᠴᠤᠳ ᠤᠨ ᠶᠡᠭᠡ ᠰᠤᠷᠭᠠᠭᠤᠯᠢ ᠶᠢᠨ ᠴᠢ ᠫᠠᠨ ᠵᠢᠩ ᠬᠤᠪᠢᠶᠠᠷᠢ ᠰᠤᠷᠭᠠᠭᠤᠯᠢ ᠶᠢ ᠪᠠᠶᠢᠭᠤᠯᠵᠤ᠂ ᠢᠳᠡᠷᠴᠦᠳ ᠨᠠᠰᠤᠲᠠᠶᠢᠴᠤᠳ ᠤᠨ ᠣᠨᠴᠠᠯᠢᠭ ᠲᠠᠢ ᠤᠶᠠᠯᠳᠤᠭᠤᠯᠤᠨ ᠣᠯᠠᠨ ᠲᠥᠷᠥᠯ ᠤᠨ ᠳᠤᠷ᠎ᠠ ᠰᠣᠨᠢᠷᠬᠠᠯ ᠤᠨ ᠬᠢᠴᠢᠶᠡᠯ ᠲᠣᠬᠢᠷᠠᠭᠤᠯᠪᠠ᠃ ᠨᠠᠰᠤᠲᠠᠶᠢᠴᠤᠳ ᠤᠨ ᠡᠷᠡᠭᠦᠯᠵᠢᠯ ᠤᠨ ᠹᠢᠽᠢᠺ ᠵᠠᠰᠠᠯ ᠤᠨ ᠦᠢᠯᠡᠴᠢᠯᠡᠭᠡ ᠶᠢ ᠬᠠᠩᠭᠠᠵᠤ᠂ ᠬᠢᠮᠳᠠ ᠦᠨ᠎ᠡ ᠪᠠᠷ ᠦᠰᠦ ᠭᠡᠵᠢᠭᠡ ᠶᠢ ᠨᠢ ᠵᠠᠰᠠᠨ᠂ ᠲᠥᠯᠥᠪᠦᠷᠢ ᠦᠭᠡᠢ ᠪᠠᠷ ᠴᠢᠰᠤᠨ ᠳᠠᠷᠤᠯᠲᠠ ᠶᠢ ᠨᠢ ᠬᠡᠮᠵᠢᠵᠦ ᠥᠭᠪᠡ᠃ ︽ᠰᠡᠳᠬᠢᠯ ᠢ ᠳᠤᠯᠠᠭᠠᠴᠠᠭᠤᠯᠬᠤ ᠥᠷᠲᠡᠭᠡ︾ ᠶᠢᠨ ᠣᠨᠴᠠᠯᠢᠭᠲᠤ ᠦᠢᠯᠡᠴᠢᠯᠡᠭᠡ ᠶᠢ ᠥᠷᠨᠢᠭᠦᠯᠵᠦ᠂ ᠤᠤᠭᠤᠬᠤ ᠤᠰᠤᠨ ᠤ ᠮᠠᠰᠢᠨ᠂ ᠪᠢᠴᠢᠯ ᠳᠣᠯᠭᠢᠶᠠᠨ ᠤ ᠵᠤᠤᠬ᠎ᠠ᠂ ᠡᠮ ᠡᠮᠨᠡᠯᠭᠡ ᠶᠢᠨ ᠬᠠᠶᠢᠷᠴᠠᠭ᠂ ᠠᠭᠠᠷ ᠲᠣᠬᠢᠷᠠᠭᠤᠯᠤᠭᠴᠢ᠂ ᠪᠣᠷᠣᠭᠠᠨ ᠤ ᠰᠢᠬᠦᠷ ᠴᠤᠪᠠ ᠵᠡᠷᠭᠡ ᠲᠥᠬᠦᠭᠡᠷᠦᠮᠵᠢ ᠶᠢ ᠲᠣᠬᠢᠷᠠᠭᠤᠯᠤᠨ᠂ ᠣᠷᠴᠢᠨ ᠲᠣᠭᠤᠷᠢᠨ ᠴᠡᠪᠡᠷᠯᠡᠭᠴᠢ᠂ ᠵᠠᠬᠢᠶᠠᠯᠠᠭ᠎ᠠ ᠶᠢᠨ ᠬᠤᠭᠤᠯᠠ ᠬᠦᠷᠭᠡᠭᠴᠢ ᠵᠡᠷᠭᠡ ᠬᠦᠮᠦᠰ ᠲᠤ ᠦᠢᠯᠡᠴᠢᠯᠡᠭᠡ ᠬᠠᠩᠭᠠᠪᠠ᠃ ᠤᠯᠠᠨ ᠲᠦᠮᠡᠨᠴᠢ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤ ᠥᠷᠨᠢᠭᠦᠯᠬᠦ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠪᠣᠯᠣᠨ ᠰᠠᠭᠤᠭᠠᠯᠢ ᠠᠷᠠᠳ ᠤᠨ ᠬᠤᠭᠤᠷᠣᠨᠳᠣᠬᠢ ᠵᠠᠢ ᠶᠢ ᠣᠶᠢᠷᠠᠲᠤᠭᠤᠯᠵᠤ᠂ ᠨᠡᠶᠢᠭᠡᠮ ᠲᠣᠭᠤᠷᠢᠭ ᠤᠨ ᠠᠮᠢᠳᠤᠷᠠᠯ ᠤᠨ ᠲᠣᠭᠤᠷᠢᠭ ᠢ ᠰᠠᠭᠤᠭᠠᠯᠢ ᠠᠷᠠᠳ ᠤᠨ ︽ᠵᠣᠯ ᠵᠢᠷᠭᠠᠯ ᠤᠨ ᠲᠣᠭᠤᠷᠢᠭ︾ ᠪᠣᠯᠭᠠᠵᠤ ᠪᠠᠶᠢᠭᠤᠯᠤᠨ᠂ ᠨᠡᠶᠢᠭᠡᠮ ᠲᠣᠭᠤᠷᠢᠭ ᠤᠨ ᠨᠢᠭᠲᠠᠷᠠᠯ ᠤᠨ ᠬᠦᠴᠦᠨ ᠢ ᠴᠢᠩᠭᠠᠷᠠᠭᠤᠯᠵᠤ᠂ ᠰᠠᠭᠤᠭᠠᠯᠢ ᠠᠷᠠᠳ ᠤᠨ ᠵᠣᠯ ᠵᠢᠷᠭᠠᠯ ᠤᠨ ᠲᠥᠷᠥᠭᠳᠡᠯ᠂ ᠬᠦᠷᠲᠡᠭᠡᠮᠵᠢ ᠶᠢᠨ ᠲᠥᠷᠥᠭᠳᠡᠯ ᠪᠠ ᠬᠠᠨᠤᠮᠵᠢ ᠶᠢᠨ ᠲᠥᠷᠥᠭᠳᠡᠯ ᠢ ᠳᠡᠭᠡᠭᠰᠢᠯᠡᠭᠦᠯᠪᠡ᠃      ᠠᠷᠠᠳ ᠤᠨ ᠠᠮᠢᠳᠤᠷᠠᠯ ᠳᠤ ᠵᠢᠵᠢᠭ ᠰᠠᠵᠢᠭ ᠶᠠᠪᠤᠳᠠᠯ ᠭᠡᠵᠦ ᠪᠠᠶᠢᠳᠠᠭ ᠦᠭᠡᠢ᠂ ᠥᠴᠥᠬᠡᠨ ᠶᠠᠪᠤᠳᠠᠯ ᠠᠴᠠ ᠤᠭ ᠰᠠᠨᠠᠭ᠎ᠠ ᠶᠢ ᠣᠯᠵᠦ ᠬᠠᠷᠠᠨ᠂ ᠦᠭᠡ ᠶᠠᠷᠢᠶ᠎ᠠ ᠠᠴᠠ ᠬᠠᠶᠢᠷ᠎ᠠ ᠰᠡᠳᠬᠢᠯᠭᠡ ᠢᠯᠡᠷᠡᠨ᠎ᠡ᠃ ᠲᠠᠷᠠᠭᠠᠴᠢ ᠶᠢᠨ ᠠᠯᠬᠤᠮ ᠳᠤ᠂ ᠦᠵᠦᠭᠦᠷ ᠨᠡᠶᠢᠭᠡᠮ ᠲᠣᠭᠤᠷᠢᠭ ᠦᠷᠭᠦᠯᠵᠢᠯᠡᠨ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠤᠨ᠂ ᠨᠠᠮ ᠢᠶᠠᠨ ᠳᠠᠭᠠᠬᠤ︾ ᠰᠢᠷᠢᠰ ᠠᠵᠢᠯᠯᠠᠭ᠎ᠠ ᠥᠷᠨᠢᠭᠦᠯᠵᠦ᠂ ᠨᠠᠮ ᠤᠨ ᠲᠥᠪ ᠬᠤᠷᠢᠶᠠᠨ ᠤ ᠲᠥᠷᠥ ᠶᠢᠨ ᠪᠣᠳᠣᠯᠭ᠎ᠠ ᠶᠢᠨ ᠤᠬᠠᠭᠤᠯᠤᠭᠴᠢ ᠪᠣᠯᠣᠨ᠂ ᠠᠶᠢᠯ ᠡᠷᠦᠬᠡ ᠳᠤ ᠣᠴᠢᠬᠤ᠂ ᠵᠣᠭᠤᠭᠳᠠᠬᠤ ᠵᠡᠷᠭᠡ ᠬᠡᠯᠪᠡᠷᠢ ᠪᠠᠷ ᠣᠯᠠᠨ ᠲᠦᠮᠡᠨ ᠲᠠᠢ ᠨᠠᠷᠢᠨ ᠲᠠᠩᠰᠠ ᠪᠤᠳᠤᠵᠤ᠂ ᠬᠤᠪᠢᠷᠠᠯᠲᠠ ᠶᠢ ᠶᠠᠷᠢᠯᠴᠠᠨ᠂ ᠣᠯᠠᠨ ᠲᠦᠮᠡᠨ ᠤ ᠨᠠᠮ ᠢᠶᠠᠨ ᠳᠠᠭᠠᠵᠤ᠂ ᠵᠣᠯ ᠵᠢᠷᠭᠠᠯ ᠡᠳ᠋ᠯᠡᠬᠦ ᠶᠢ ᠬᠥᠲᠥᠯᠥᠨ ᠵᠢᠯᠣᠭᠤᠳᠤᠨ᠎ᠠ᠃ 
ᠢᠷᠡᠯᠲᠡ᠄ ᠴᠢ ᠫᠠᠨ ᠵᠢᠩ ᠪᠠᠯᠭᠠᠰᠤ