ᠮᠧᠩ ᠰᠢ ᠪᠠᠯᠭᠠᠰᠤ ︽ᠰᠠᠷᠭᠠᠢ ᠴᠡᠴᠡᠭ ᠤᠨ ᠵᠢᠵᠢᠭ ᠪᠠᠯᠭᠠᠰᠤ︾ ᠶᠢ ᠪᠦᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/5/10
      ︽ᠰᠠᠷᠭᠠᠢ ᠴᠡᠴᠡᠭ ᠤᠨ ᠠᠵᠤ ᠦᠢᠯᠡᠰ ᠨᠢ ᠲᠤᠶᠢᠯ ᠤᠨ ᠥᠨᠳᠥᠷ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ ᠶᠢᠨ ᠦᠷ᠎ᠡ ᠠᠰᠢᠭ ᠪᠠ ᠨᠡᠶᠢᠭᠡᠮ ᠤᠨ ᠦᠷ᠎ᠡ ᠠᠰᠢᠭ ᠲᠠᠢ ᠮᠥᠷᠲᠡᠭᠡᠨ ᠮᠧᠩ ᠰᠢ ᠪᠠᠯᠭᠠᠰᠤᠨ ᠤ ᠵᠠᠮ ᠬᠠᠷᠢᠯᠴᠠᠭᠠᠨ ᠤ ᠣᠷᠣᠨ ᠪᠠᠶᠢᠷᠢ ᠶᠢᠨ ᠳᠠᠪᠠᠭᠤᠯᠢᠭ ᠢᠯᠡᠷᠬᠡᠢ᠂ ᠬᠥᠭᠵᠢᠯᠲᠡ ᠶᠢᠨ ᠬᠠᠨᠳᠤᠰᠢ ᠰᠠᠶᠢᠨ᠂ ᠳᠠᠯᠳᠠ ᠬᠦᠴᠦᠨ ᠴᠢᠩᠭ᠎ᠠ᠂ ᠠᠵᠠ ᠲᠣᠬᠢᠶᠠᠯ ᠣᠯᠠᠨ ᠁︾ ᠣᠲᠤᠭ ᠬᠤᠰᠢᠭᠤᠨ ᠤ ᠮᠧᠩ ᠰᠢ ᠪᠠᠯᠭᠠᠰᠤᠨ ᠤ ᠰᠠᠷᠭᠠᠢ ᠴᠡᠴᠡᠭ ᠤᠨ ᠠᠵᠤ ᠦᠢᠯᠡᠰ ᠤᠨ ᠬᠦᠷᠢᠶᠡᠯᠡᠩ ᠳᠤ ᠯᠢᠤᠢ ᠨᠸᠡᠭ ᠠᠵᠤ ᠦᠢᠯᠡᠰ ᠤᠨ ᠺᠣᠮᠫᠠᠨᠢ ᠶᠢᠨ ᠶᠡᠷᠦᠩᠬᠡᠢ ᠳᠠᠭᠠᠭᠠᠮᠠᠯ ᠭᠠᠨ ᠰᠢᠨ ᠵᠥᠩ ᠲᠣᠭᠤᠷᠢᠨ ᠦᠵᠡᠵᠦ ᠪᠠᠶᠢᠴᠠᠭᠠᠨ ᠰᠤᠳᠤᠯᠤᠯᠲᠠ ᠬᠢᠬᠦ ᠪᠠᠷ ᠢᠷᠡᠭᠰᠡᠨ ᠤᠳᠤᠷᠢᠳᠤᠯᠭ᠎ᠠ ᠳᠤ ᠰᠠᠷᠭᠠᠢ ᠴᠡᠴᠡᠭ ᠵᠠᠶᠢᠯᠠᠬᠤ ᠮᠡᠷᠭᠡᠵᠢᠯ ᠢ ᠵᠢᠭᠠᠵᠤ ᠪᠠᠶᠢᠯ᠎ᠠ᠃      ᠮᠧᠩ ᠰᠢ ᠪᠠᠯᠭᠠᠰᠤᠨ ᠤ ᠰᠠᠷᠭᠠᠢ ᠴᠡᠴᠡᠭ ᠤᠨ ᠬᠦᠷᠢᠶᠡᠯᠡᠩ ᠳᠤ ᠮᠧᠩ ᠶᠤᠸᠠᠨ ᠤ ᠰᠠᠷᠭᠠᠢ ᠴᠡᠴᠡᠭ ᠤᠨ ᠲᠥᠷᠥᠯ ᠵᠦᠢᠯ ᠢ ᠲᠠᠷᠢᠵᠦ ᠪᠣᠢ᠂ ᠡᠨᠡ ᠬᠦ ᠲᠥᠷᠥᠯ ᠵᠦᠢᠯ ᠨᠢ ᠡᠮᠦᠨᠡᠬᠢ ᠬᠤᠭᠤᠴᠠᠭᠠᠨ ᠤ ᠶᠡᠭᠡ ᠬᠡᠮᠵᠢᠶᠡᠨ ᠤ ᠰᠤᠳᠤᠯᠤᠨ ᠨᠡᠭᠡᠭᠡᠬᠦ ᠲᠤᠷᠰᠢᠯᠲᠠ ᠪᠠᠷ ᠳᠠᠮᠵᠢᠮᠠᠨᠵᠢᠨ ᠰᠠᠶ᠋ᠢ ᠥᠪᠥᠷ ᠮᠣᠩᠭᠤᠯ ᠤᠨ ᠠᠭᠠᠷ ᠤᠨ ᠳᠤᠯᠠᠭᠠᠨ᠂ ᠤᠰᠤ ᠰᠢᠷᠣᠢ ᠶᠢᠨ ᠨᠥᠬᠦᠴᠡᠯ ᠳᠤ ᠨᠠᠩ ᠰᠠᠶᠢᠨ ᠲᠣᠬᠢᠷᠠᠵᠤ᠂ ᠰᠠᠷᠭᠠᠢ ᠴᠡᠴᠡᠭ ᠢ ᠲᠡᠭᠦᠭᠰᠡᠨ ᠤ ᠳᠠᠷᠠᠭ᠎ᠠ ᠰᠠᠷᠭᠠᠢ ᠴᠡᠴᠡᠭ ᠤᠨ ᠴᠠᠢ᠂ ᠨᠠᠷᠢᠯᠢᠭ ᠲᠣᠰᠣ᠂ ᠴᠡᠪᠡᠷ ᠰᠢᠭᠦᠳᠡᠷᠢ ᠵᠡᠷᠭᠡ ᠲᠠᠸᠠᠷ ᠢ ᠦᠢᠯᠡᠳᠪᠦᠷᠢᠯᠡᠨ ᠪᠣᠷᠣᠯᠠᠭᠤᠯᠵᠤ᠂ ᠵᠠᠬ᠎ᠠ ᠳᠡᠯᠭᠡᠭᠦᠷ ᠲᠤ ᠭᠠᠷᠭᠠᠳᠠᠭ᠃ ᠣᠶᠢᠯᠠᠭᠠᠭᠰᠠᠨ ᠢᠶᠠᠷ᠂ 2023 ᠣᠨ ᠤ 11 ᠳ᠋ᠦ᠋ᠭᠡᠷ ᠰᠠᠷ᠎ᠠ ᠶᠢᠨ ᠳᠤᠮᠳᠠᠴᠢ ᠪᠠᠷ᠂ ᠮᠧᠩ ᠰᠢ ᠪᠠᠯᠭᠠᠰᠤᠨ ᠤ ᠰᠠᠷᠭᠠᠢ ᠴᠡᠴᠡᠭ ᠤᠨ ᠬᠦᠷᠢᠶᠡᠯᠡᠩ ᠤᠨ 15 ᠲᠦᠮᠡᠨ ᠰᠠᠭᠤᠷᠢ ᠰᠠᠷᠭᠠᠢ ᠴᠡᠴᠡᠭ ᠤᠨ ᠨᠢᠯᠬ᠎ᠠ ᠨᠠᠬᠢᠶ᠎ᠠ ᠳᠠᠷᠢᠵᠤ᠂ ᠣᠳᠣᠬᠠᠨ ᠳᠤ ᠰᠠᠷᠭᠠᠢ ᠴᠡᠴᠡᠭ ᠶᠠᠭ ᠰᠠᠶᠢᠬᠠᠨ ᠤᠷᠭᠤᠬᠤ ᠬᠤᠭᠤᠴᠠᠭᠠᠨ ᠳᠠᠭᠠᠨ ᠣᠷᠣᠵᠤ᠂ ᠡᠪᠦᠯ ᠤᠨ ᠤᠯᠠᠷᠢᠯ ᠤᠨ ᠤᠨᠳᠤᠷᠤᠯᠲᠠ ᠶᠢᠨ ᠨᠣᠷᠮ᠎ᠠ ᠨᠡᠯᠢᠶᠡᠳ ᠥᠨᠳᠥᠷ ᠪᠠᠶᠢᠵᠤ᠂ ᠵᠢᠱᠢᠯᠲᠡ ᠪᠠᠷ 260 ᠮᠦ ᠰᠠᠷᠭᠠᠢ ᠴᠡᠴᠡᠭ 5 ᠰᠠᠷ᠎ᠠ ᠶᠢᠨ ᠳᠤᠮᠳᠠᠴᠢ ᠪᠠᠷ ᠳᠡᠯᠭᠡᠷᠡᠬᠦ ᠪᠣᠯᠣᠨ᠎ᠠ᠃      ᠰᠠᠷᠭᠠᠢ ᠴᠡᠴᠡᠭ ᠤᠨ ᠬᠦᠷᠢᠶᠡᠯᠡᠩ ᠳᠤ ᠣᠯᠠᠨ ᠢᠶᠠᠷ ᠢᠶᠠᠨ ᠰᠠᠷᠭᠠᠢ ᠴᠡᠴᠡᠭ ᠤᠨ ᠡᠭᠦᠯᠳᠡᠷ ᠢ ᠰᠣᠩᠭᠤᠨ ᠪᠣᠶᠢᠵᠢᠭᠤᠯᠬᠤ᠂ ᠳᠠᠷᠢᠬᠤ᠂ ᠰᠠᠷᠭᠠᠢ ᠴᠡᠴᠡᠭ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠰᠠᠷᠭᠠᠢ ᠴᠡᠴᠡᠭ ᠤᠨ ᠠᠵᠤ ᠦᠢᠯᠡᠰ ᠤᠨ ᠲᠥᠷᠥᠯ ᠵᠦᠢᠯ ᠤᠨ ᠬᠥᠭᠵᠢᠯᠲᠡ ᠶᠢᠨ ᠣᠳᠣᠬᠢ ᠪᠠᠶᠢᠳᠠᠯ ᠪᠣᠯᠣᠨ ᠢᠷᠡᠭᠡᠳᠦᠢ ᠶᠢᠨ ᠲᠣᠭᠤᠷᠢᠨ ᠳᠤ᠂ ᠬᠥᠭᠵᠢᠯᠲᠡ ᠶᠢᠨ ᠲᠥᠷᠥᠯ ᠵᠦᠢᠯ ᠳᠤ ᠲᠤᠯᠭᠠᠷᠠᠭᠰᠠᠨ ᠬᠦᠴᠢᠷ ᠠᠰᠠᠭᠤᠳᠠᠯ ᠢ ᠬᠡᠷᠬᠢᠨ ᠰᠢᠢᠳᠪᠦᠷᠢᠯᠡᠬᠦ᠂ ᠠᠵᠤ ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠡᠷᠬᠢᠨ ᠠᠬᠢᠭᠤᠯᠬᠤ᠂ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠳᠤ ᠬᠡᠷᠬᠢᠨ ᠬᠦᠴᠦᠨ ᠨᠡᠮᠡᠷᠢᠯᠡᠬᠦ ᠵᠡᠷᠭᠡ ᠲᠠᠯ᠎ᠠ ᠪᠠᠷ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠭᠰᠠᠨ ᠪᠥᠭᠡᠳ ᠰᠠᠷᠭᠠᠢ ᠴᠡᠴᠡᠭ ᠤᠨ ᠤᠤᠯ ᠰᠢᠩᠭᠡᠨ᠂ ᠰᠠᠷᠭᠠᠢ ᠴᠡᠴᠡᠭ ᠤᠨ ᠤᠰᠤ᠂ ᠰᠠᠷᠭᠠᠢ ᠴᠡᠴᠡᠭ ᠤᠨ ᠪᠣᠣᠪᠤ ᠪᠠ ᠰᠠᠷᠭᠠᠢ ᠴᠡᠴᠡᠭ ᠤᠨ ᠴᠠᠢ ᠵᠡᠷᠭᠡ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠪᠠ᠃     2024 ᠣᠨ ᠳᠤ᠂ ᠮᠧᠩ ᠰᠢ ᠪᠠᠯᠭᠠᠰᠤᠨ ᠤ ᠰᠠᠷᠭᠠᠢ ᠴᠡᠴᠡᠭ ᠳᠠᠷᠢᠵᠤ ᠤᠷᠭᠤᠭᠤᠯᠬᠤ ᠬᠦᠷᠢᠶᠡᠯᠡᠩ ᠳᠤ ᠵᠢᠱᠢᠯᠲᠡ ᠪᠠᠷ 1.2 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 3000 ᠲᠡᠭᠰᠢ ᠳᠥᠷᠪᠡᠯᠵᠢᠨ ᠮᠧᠲᠷ ᠤᠨ ᠦᠢᠯᠡᠳᠪᠦᠷᠢ ᠶᠢᠨ ᠭᠡᠷ ᠪᠠᠶᠢᠰᠢᠩ ᠢ ᠥᠷᠭᠡᠳᠬᠡᠨ ᠪᠠᠶᠢᠭᠤᠯᠬᠤ ᠪᠣᠯᠣᠨ᠎ᠠ᠃ ᠪᠣᠬᠢᠷᠲᠤᠯ ᠦᠭᠡᠢ ᠠᠭᠤᠷᠬᠠᠢ᠂ ᠬᠠᠲᠤᠨ ᠭᠤᠣᠯ ᠤᠨ ᠰᠠᠪᠠ ᠭᠠᠵᠠᠷ ᠲᠤ 50 ᠲᠦᠮᠡᠨ ᠮᠦ ᠠᠮᠢ ᠠᠬᠤᠢ ᠶᠢᠨ ᠲᠠᠷᠢᠮᠠᠯ ᠢ ᠴᠢᠨᠠᠷᠲᠠᠢ ᠬᠥᠭᠵᠢᠭᠦᠯᠦᠨ᠎ᠡ᠃ ᠣᠲᠤᠭ ᠬᠤᠰᠢᠭᠤᠨ ᠤ ᠮᠧᠩ ᠰᠢ ᠪᠠᠯᠭᠠᠰᠤ ᠶᠢ ᠤᠯᠤᠰ ᠤᠨ ᠳᠣᠲᠣᠭᠠᠳᠤ ᠳᠠᠬᠢ ᠬᠠᠮᠤᠭ ᠤᠨ ᠲᠣᠮᠣ ᠰᠠᠷᠭᠠᠢ ᠴᠡᠴᠡᠭ ᠤᠨ ᠨᠠᠷᠢᠯᠢᠭ ᠲᠣᠰᠣᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠨᠢᠭᠡ᠂ ᠤᠯᠤᠰ ᠤᠨ ᠳᠣᠲᠣᠭᠠᠳᠤ ᠳᠠᠬᠢ ᠬᠠᠮᠤᠭ ᠤᠨ ᠲᠣᠮᠣ ᠰᠠᠷᠭᠠᠢ ᠴᠡᠴᠡᠭ ᠤᠨ ᠠᠵᠤ ᠦᠢᠯᠡᠰ ᠤᠨ ᠬᠦᠷᠢᠶᠡᠯᠡᠩ ᠤᠨ ᠨᠢᠭᠡ ᠪᠣᠯᠭᠠᠨ ᠪᠦᠲᠦᠭᠡᠨ ᠪᠠᠶᠢᠭᠤᠯᠬᠤ ᠶᠢᠨ ᠬᠠᠮᠲᠤ ᠡᠷᠡᠭᠦᠯᠵᠢᠯ ᠰᠤᠪᠢᠯᠠᠯ᠂ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠵᠦ᠂ ᠰᠠᠷᠭᠠᠢ ᠴᠡᠴᠡᠭ ᠤᠨ ᠬᠦᠷᠢᠶᠡᠯᠡᠩ ᠤᠨ ᠨᠡᠮᠡᠯᠲᠡ ᠥᠷᠲᠡᠭ ᠢ ᠨᠡᠮᠡᠭᠳᠡᠭᠦᠯᠦᠨ᠂ ᠣᠯᠠᠨ ᠡᠰᠢᠲᠦ ᠠᠵᠤ ᠦᠢᠯᠡᠰ ᠪᠣᠯᠭᠠᠨ ᠬᠥᠭᠵᠢᠭᠦᠯᠦᠨ᠎ᠡ᠃ 
ᠢᠷᠡᠯᠲᠡ᠄ ᠮᠧᠩ ᠰᠢ ᠪᠠᠯᠭᠠᠰᠤ