ᠮᠠᠩᠨᠠᠶᠢᠵᠢᠷᠭᠠᠯ
ᠨᠡᠶᠢᠲᠡᠯᠡᠭᠰᠡᠨ ᠴᠠᠭ᠄
2024/5/10
      ᠮᠣᠩᠭᠤᠯ ᠦᠨᠳᠦᠰᠦᠲᠡᠨ᠂ ᠡᠷᠡᠭᠲᠡᠢ᠂ ᠰᠢᠨ᠎ᠡ ᠵᠣᠣ ᠰᠤᠮᠤ ᠶᠢᠨ ᠬᠦᠮᠦᠨ᠂ 1944 ᠣᠨ ᠳᠤ ᠲᠥᠷᠥᠵᠡᠢ᠃ ᠥᠨᠳᠥᠷ ᠵᠡᠷᠭᠡ ᠶᠢᠨ ᠮᠠᠯᠴᠢᠨ ᠢᠨᠵᠧᠨᠧᠷ ᠭᠡᠵᠦ ᠠᠯᠳᠠᠷᠰᠢᠵᠠᠢ᠃ 1960 ᠣᠨ ᠠᠴᠠ ᠡᠬᠢᠯᠡᠨ ᠰᠤᠮᠤ ᠭᠠᠴᠠᠭ᠎ᠠ ᠶᠢᠨ ᠮᠠᠯ ᠡᠮᠨᠡᠯᠭᠡ ᠶᠢᠨ ᠠᠵᠢᠯ ᠢ ᠬᠢᠵᠦ᠂ 1975 ᠣᠨ ᠠᠴᠠ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠳᠤᠮᠰᠢᠯ ᠰᠤᠳᠤᠯᠬᠤ ᠭᠠᠵᠠᠷ ᠲᠠᠢ ᠬᠠᠮᠲᠤ ᠪᠠᠷ ᠬᠤᠨᠢᠨ ᠤ ᠦᠷ᠎ᠡ ᠲᠣᠭᠲᠠᠭᠰᠠᠨ ᠥᠨᠳᠡᠭᠡᠪᠴᠢ ᠶᠢ ᠰᠢᠯᠵᠢᠭᠦᠯᠦᠨ ᠲᠠᠷᠢᠬᠤ ᠲᠤᠷᠰᠢᠯᠲᠠ ᠶᠢ ᠬᠢᠭᠡᠳ ᠠᠮᠵᠢᠯᠲᠠ ᠣᠯᠣᠭᠰᠠᠨ ᠨᠣᠷᠮ᠎ᠠ ᠨᠢ 72% ᠬᠦᠷᠴᠦ᠂ 400 ᠲᠣᠯᠣᠭᠠᠢ ᠬᠤᠨᠢᠨ ᠤ ᠭᠡᠳᠡᠰᠦ ᠴᠢᠭᠢᠭᠳᠡᠭᠰᠡᠨ ᠵᠠᠩᠭᠢᠷᠠᠭ᠎ᠠ ᠶᠢ ᠮᠡᠰᠡ ᠵᠠᠰᠠᠯ ᠢᠶᠠᠷ ᠵᠠᠰᠠᠭᠠᠳ ᠡᠳᠡᠭᠡᠷᠡᠯᠲᠡ ᠶᠢᠨ ᠨᠣᠷᠮ᠎ᠠ ᠨᠢ 92% ᠬᠦᠷᠴᠡᠢ᠃ 1989 ᠣᠨ ᠳᠤ ᠮᠠᠯ ᠠᠵᠦ ᠠᠬᠤᠢ ᠶᠢᠨ ᠳᠡᠭᠡᠳᠦ ᠵᠡᠷᠭᠡ ᠶᠢᠨ ᠢᠨᠵᠧᠨᠧᠷ ᠤᠨ ᠴᠣᠯᠠ ᠣᠯᠵᠠᠢ᠃          ︽ᠣᠲᠤᠭ ᠬᠤᠰᠢᠭᠤᠨ ᠤ ᠣᠶᠢᠯᠠᠯᠭ᠎ᠠ︾ ︽ᠣᠲᠤᠭ ᠬᠤᠰᠢᠭᠤᠨ ᠤ ᠣᠶᠢᠯᠠᠯᠭ᠎ᠠ︾ ᠨᠠᠶᠢᠷᠠᠭᠤᠯᠬᠤ ᠺᠣᠮᠢᠰ ᠨᠠᠶᠢᠷᠠᠭᠤᠯᠪᠠ
ᠢᠷᠡᠯᠲᠡ᠄ ᠣᠲᠤᠭ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ