ᠮᠣᠩᠭᠤᠯᠴᠤᠳ ᠤᠨ ᠦᠬᠡᠷ ᠤᠨ ᠨᠡᠷᠡᠶᠢᠳᠦᠯ ᠤᠨ ᠲᠤᠬᠠᠢ ︵ᠭᠤᠷᠪᠠ︶
ᠨᠡᠶᠢᠲᠡᠯᠡᠭᠰᠡᠨ ᠴᠠᠭ᠄
2024/5/13
      ᠮᠣᠩᠭᠤᠯᠴᠤᠳ ᠦᠬᠡᠷ ᠢ ᠭᠠᠷᠰᠢᠭᠤᠯᠤᠨ ᠲᠡᠵᠢᠭᠡᠭᠰᠡᠨ ᠶᠠᠪᠤᠴᠠ ᠳᠤ ᠪᠠᠨ ᠠᠴᠢᠶ᠎ᠠ ᠲᠡᠭᠡᠭᠡᠪᠦᠷᠢ᠂ ᠠᠶᠠᠨ ᠵᠢᠩ ᠳᠤ ᠬᠥᠯᠪᠦᠷᠢ ᠪᠠᠷ ᠬᠡᠷᠡᠭᠯᠡᠬᠦ ᠶᠢᠨ ᠬᠠᠮᠲᠤ᠂ ᠮᠢᠬ᠎ᠠ᠂ ᠰᠦ ᠪᠠᠷ ᠨᠢ ᠢᠳᠡᠭᠡᠨ ᠤᠮᠳᠠᠭᠠᠨ ᠪᠣᠯᠭᠠᠵᠤ᠂ ᠠᠷᠠᠰᠤ ᠰᠢᠷᠢ᠂ ᠦᠰᠦ ᠤᠩᠭᠠᠰᠤ ᠶᠢ ᠨᠢ ᠡᠳᠦᠷ ᠳᠣᠳᠣᠮ ᠤᠨ ᠬᠡᠷᠡᠭᠯᠡᠭᠡᠨ ᠳᠤ ᠪᠠᠨ ᠠᠰᠢᠭᠯᠠᠭᠰᠠᠭᠠᠷ ᠢᠷᠡᠵᠡᠢ᠃ ᠦᠬᠡᠷ ᠢ ᠢᠯᠭᠠᠨ ᠨᠡᠷᠡᠯᠡᠬᠦ ᠳᠤ ᠪᠠᠨ ᠭᠤᠣᠯᠳᠠᠭᠤ ᠨᠠᠰᠤ ᠰᠢᠳᠦ᠂ ᠬᠦᠢᠰᠦ ᠴᠢᠨᠠᠷ᠂ ᠥᠩᠭᠡ ᠵᠢᠰᠦᠮ᠂ ᠲᠥᠷᠥᠴᠡ ᠪᠠᠶᠢᠳᠠᠯ᠂ ᠵᠠᠩ ᠠᠷᠠᠨᠰᠢᠨ᠂ ᠬᠥᠯᠦᠰᠢ ᠬᠡᠷᠡᠭᠯᠡᠭᠡᠨ ᠵᠡᠷᠭᠡ ᠶᠢ ᠦᠨᠳᠦᠰᠦᠯᠡᠬᠦ ᠵᠠᠩᠰᠢᠯ ᠲᠠᠢ᠃       ᠦᠬᠡᠷ ᠬᠥᠯᠦᠰᠢ ᠬᠡᠷᠡᠭᠯᠡᠭᠡᠨ ᠢᠶᠠᠷ ᠨᠢ ᠢᠯᠭᠠᠨ ᠨᠡᠷᠡᠯᠡᠬᠦ᠄ ᠮᠣᠩᠭᠤᠯᠴᠤᠳ ᠱᠠᠷ ᠢ ᠠᠶᠠᠨ ᠲᠡᠭᠡᠭᠡᠪᠦᠷᠢ᠂ ᠠᠨᠵᠢᠰᠤ ᠵᠢᠳᠬᠦᠭᠦᠷ᠂ ᠡᠪᠡᠰᠦ ᠬᠠᠳᠤᠯᠠᠩ᠂ ᠨᠡᠭᠦᠳᠡᠯ ᠪᠠᠭᠤᠳᠠᠯ᠂ ᠠᠷᠭᠠᠯ ᠤᠰᠤᠨ ᠳᠤ ᠬᠥᠯᠵᠦ ᠡᠳ᠋ᠯᠡᠳᠡᠭ᠃ ᠡᠶᠢᠮᠦ ᠠᠴᠠ ᠦᠬᠡᠷ ᠢ ᠬᠥᠯᠦᠰᠢ ᠬᠡᠷᠡᠭᠯᠡᠭᠡᠨ ᠢᠶᠠᠷ ᠨᠢ ᠤᠰᠤᠨ ᠤ ᠱᠠᠷ᠂ ᠠᠷᠠᠯ ᠤᠨ ᠱᠠᠷ᠂ ᠠᠮᠪᠠᠨ ᠱᠠᠷ᠂ ᠭᠠᠷ ᠤᠨ ᠦᠬᠡᠷ᠂ ᠠᠶᠠᠨ ᠤ ᠦᠬᠡᠷ᠂ ᠰᠠᠭᠠᠯᠢ ᠶᠢᠨ ᠦᠨᠢᠶ᠎ᠡ ᠭᠡᠬᠦ ᠵᠡᠷᠭᠡ ᠪᠠᠷ ᠢᠯᠭᠠᠨ ᠨᠡᠷᠡᠯᠡᠳᠡᠭ᠃ ᠠᠷᠭᠠᠯ᠂ ᠤᠰᠤ ᠪᠠᠨ ᠲᠡᠭᠡᠭᠡᠬᠦ ᠳᠤ ᠡᠳᠦᠷ ᠪᠣᠯᠭᠠᠨ ᠬᠥᠯᠳᠡᠭ ᠦᠬᠡᠷ ᠢᠶᠠᠨ ᠤᠰᠤᠨ ᠤ ᠱᠠᠷ︔ ᠲᠣᠮᠣ ᠪᠡᠶ᠎ᠡ ᠲᠠᠢ ᠡᠷ᠎ᠡ ᠦᠬᠡᠷ ᠢ ᠠᠮᠪᠠᠨ ᠱᠠᠷ ᠭᠡᠳᠡᠭ᠃ ᠠᠶᠠᠨ ᠲᠡᠭᠡᠭᠡᠪᠦᠷᠢ᠂ ᠨᠡᠭᠦᠳᠡᠯ ᠪᠠᠭᠤᠳᠠᠯ ᠳᠤ ᠬᠠᠮᠤᠭ ᠤᠨ ᠡᠮᠦᠨᠡᠬᠢ ᠲᠡᠷᠭᠡᠨ ᠳᠤ ᠬᠥᠯᠵᠦ ᠭᠠᠷᠰᠢᠭᠤᠯᠤᠭᠰᠠᠨ ᠦᠬᠡᠷ ᠢᠶᠠᠨ ᠭᠠᠷ ᠤᠨ ᠦᠬᠡᠷ︔ ᠠᠶᠠᠨ ᠵᠢᠩ ᠳᠤ ᠬᠥᠯᠬᠦ ᠦᠬᠡᠷ ᠢᠶᠠᠨ ᠠᠶᠠᠨ ᠤ ᠦᠬᠡᠷ︔ ᠰᠠᠭᠠᠵᠤ ᠰᠤᠷᠭᠠᠭᠰᠠᠨ ᠦᠨᠢᠶ᠎ᠡ ᠪᠠᠨ ᠰᠠᠭᠠᠯᠢ ᠶᠢᠨ ᠦᠨᠢᠶ᠎ᠡ ᠭᠡᠳᠡᠭ᠃
ᠢᠷᠡᠯᠲᠡ᠄ ᠪᠠᠶᠠᠨ ᠨᠠᠭᠤᠷ ᠤᠨ ᠡᠳᠦᠷ ᠤᠨ ᠰᠣᠨᠢᠨ