ᠤᠷᠲᠤ ᠬᠤᠨᠴᠢᠷ
ᠨᠡᠶᠢᠲᠡᠯᠡᠭᠰᠡᠨ ᠴᠠᠭ᠄
2024/5/14
      ᠪᠤᠷᠴᠠᠭ ᠤᠨ ᠢᠵᠠᠭᠤᠷ᠂ ᠬᠤᠨᠴᠢᠷ ᠤᠨ ᠲᠥᠷᠥᠯ᠃ ᠣᠯᠠᠨ ᠨᠠᠰᠤᠲᠤ ᠡᠪᠡᠰᠦᠯᠢᠭ ᠤᠷᠭᠤᠮᠠᠯ᠂ 6 ᠳ᠋ᠤᠭᠠᠷ ᠰᠠᠷ᠎ᠠ ᠳᠤ ᠴᠡᠴᠡᠭᠯᠡᠵᠦ᠂ 7 ᠳ᠋ᠤᠭᠠᠷ ᠰᠠᠷ᠎ᠠ ᠳᠤ ᠦᠷᠡᠯᠡᠨ᠎ᠡ᠃      ᠠᠭᠤᠯᠠᠷᠬᠠᠭ ᠭᠠᠵᠠᠷ ᠤᠨ ᠬᠠᠭᠤᠷᠠᠶᠢᠰᠠᠭ ᠤᠷᠭᠤᠮᠠᠯ᠃ ᠠᠷᠪᠠᠰ ᠤᠨ ᠠᠭᠤᠯᠠᠨ ᠳᠤ ᠤᠷᠭᠤᠳᠠᠭ᠃      ᠴᠡᠴᠡᠭ ᠨᠢ ᠪᠣᠷᠣ ᠤᠯᠠᠭᠠᠨ ᠥᠩᠭᠡᠲᠡᠢ᠂ ᠪᠤᠷᠴᠠᠭ ᠵᠢᠮᠢᠰ ᠨᠢ ᠵᠤᠤᠪᠠᠨᠭ᠌ ᠬᠡᠯᠪᠡᠷᠢᠲᠡᠢ᠂ ᠳᠣᠷᠣᠭᠰᠢ ᠤᠨᠵᠢᠢᠭᠰᠠᠨ ᠪᠠᠶᠢᠳᠠᠭ᠂ ᠡᠨᠡ ᠣᠨᠴᠠᠯᠢᠭ ᠨᠢ ᠬᠤᠨᠴᠢᠷ ᠤᠨ ᠲᠥᠷᠥᠯ ᠬᠡᠯᠪᠡᠷᠢ ᠪᠣᠯᠣᠨ᠎ᠠ᠃ ᠲᠡᠶᠢᠮᠢ ᠠᠴᠠ ᠲᠤᠰ ᠲᠥᠷᠥᠯ ᠨᠢ ᠤᠷᠭᠤᠮᠠᠯ ᠤᠨ ᠣᠷᠣᠨ ᠰᠢᠰᠲ᠋ᠧᠮ ᠪᠣᠯᠣᠨ ᠲᠥᠷᠥᠯ ᠬᠤᠪᠢᠶᠠᠯᠲᠠ ᠶᠢᠨ ᠰᠤᠳᠤᠯᠭᠠᠨ ᠤ ᠳᠤᠮᠳᠠ ᠴᠢᠬᠤᠯᠠ ᠠᠴᠢ ᠬᠤᠯᠪᠣᠭᠳᠠᠯ ᠲᠠᠢ ᠶᠤᠮ᠃      ᠲᠤᠰ ᠤᠷᠭᠤᠮᠠᠯ ᠤᠨ ᠲᠠᠷᠬᠠᠯᠲᠠ ᠶᠢᠨ ᠬᠡᠪᠴᠢᠶ᠎ᠡ ᠨᠢ ᠢᠪᠴᠤᠤ᠂ ᠲᠤᠭ᠎ᠠ ᠬᠡᠮᠵᠢᠶ᠎ᠡ ᠨᠢ ᠴᠥᠭᠡᠨ᠂ ᠪᠠᠰᠠ ᠬᠤᠨᠴᠢᠷ ᠪᠣᠯᠭᠠᠵᠤ ᠮᠠᠯᠲᠠᠭᠰᠠᠨ ᠠᠴᠠ ᠤᠰᠠᠳᠬᠤ ᠰᠢᠬᠠᠭᠰᠠᠨ ᠪᠠᠶᠢᠳᠠᠯ ᠲᠠᠢ ᠪᠠᠶᠢᠨ᠎ᠠ᠃ ᠨᠢᠭᠡᠨᠲᠡ ᠥᠪᠡᠷᠲᠡᠭᠡᠨ ᠵᠠᠰᠠᠬᠤ ᠣᠷᠣᠨ ᠤ ᠬᠤᠶᠠᠳᠤᠭᠠᠷ ᠲᠥᠷᠥᠯ ᠤᠨ ᠬᠠᠮᠠᠭᠠᠯᠠᠯᠲᠠ ᠶᠢᠨ ᠤᠷᠭᠤᠮᠠᠯ ᠢᠶᠠᠷ ᠲᠣᠭᠲᠠᠭᠠᠵᠠᠢ᠃                              ︽ᠤᠲᠤᠭ ᠤᠨ ᠠᠮᠢᠳᠤ ᠪᠤᠳᠠᠰ ᠤᠨ ᠡᠬᠢ ᠪᠠᠶᠠᠯᠢᠭ︾  ᠪᠠᠭᠠᠲᠤᠷ ᠨᠠᠶᠢᠷᠠᠭᠤᠯᠤᠨ ᠵᠤᠬᠢᠶᠠᠪᠠ
ᠢᠷᠡᠯᠲᠡ᠄ ᠤᠲᠤᠭ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ